ᠵᠠᠩ ᠵᠢᠶ ᠰᠢᠶᠦ᠋ᠩ᠄ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/1/3
    ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠢ ᠰᠢᠶᠦ᠋ᠩ᠄ ︽ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠪᠣᠯ ᠪᠦᠬᠦ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠢᠵᠠᠭᠠᠯᠠᠰᠢ ᠦᠭᠡᠢ ᠬᠠᠯᠠᠮᠵᠢᠯᠠᠯ ᠪᠣᠯᠬᠤ ᠪᠥᠭᠡᠳ ᠪᠠᠰᠠ ᠴᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠲᠠᠬᠢᠨ ᠳᠡᠭᠡᠭᠰᠢᠯᠡᠭᠦᠯᠵᠦ᠂ ᠲᠠᠬᠢᠨ ᠪᠠᠶᠢᠷᠢᠯᠠᠭᠤᠯᠵᠤ᠂ ᠶᠠᠭ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ︿ᠵᠢᠯᠣᠭᠤᠳᠤᠮᠵᠢ﹀᠎ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠪᠠ︔ ︿ᠶᠠᠰᠤ ᠴᠢᠨᠠᠷ﹀᠎  ᠎ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠵᠤ ᠲᠥᠪᠬᠢᠨᠡᠭᠦᠯᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ︿ᠨᠠᠷᠢᠯᠢᠭ ᠣᠨᠣᠴᠠᠲᠠᠢ﹀᠎ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠭᠠᠯᠵᠠᠯ ᠤᠨ ᠪᠠᠲᠤᠯᠠᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠎ᠠ︔ ︿ᠲᠠᠶᠢᠨ ᠳᠤ ᠪᠡᠯᠡᠳᠬᠡᠬᠦ﹀᠎ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠭᠦᠨᠵᠡᠭᠡᠢ ᠬᠢᠨ᠎ᠡ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠡᠪᠲᠡᠷᠡᠯᠴᠡᠨ ᠬᠠᠷᠢᠯᠴᠠᠬᠤ᠂ ᠡᠷᠬᠢᠨ ᠦᠵᠡᠵᠦ ᠲᠣᠬᠤᠨᠢᠭᠤᠯᠬᠤ᠂ ᠬᠠᠪᠰᠤᠷᠤᠨ ᠲᠡᠳᠬᠦᠵᠦ ᠲᠤᠰᠠᠯᠠᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠦᠷᠭᠦᠯᠵᠢᠯᠡᠨ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠤᠨ ᠤᠶᠢᠯᠡᠳᠪᠤᠷᠢᠯᠡᠯ ᠠᠮᠢᠳᠤᠷᠠᠯ ᠤᠨ ᠳᠤᠮᠳᠠᠬᠢ ︿ᠪᠠᠴᠢᠮ ᠪᠡᠷᠬᠡ ᠵᠣᠪᠠᠨᠢᠯ﹀ ᠠᠰᠠᠭᠤᠳᠠᠯ ᠢ ᠰᠡᠳᠬᠢᠯ ᠳᠡᠯᠪᠢᠨ ᠬᠦᠴᠦ ᠣᠷᠣᠭᠤᠯᠤᠨ ᠰᠠᠶᠢᠲᠤᠷ ᠰᠢᠢᠤᠡᠪᠤᠷᠢᠯᠡᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠬᠦᠷᠢᠶ᠎ᠡ ᠶᠢ ᠦᠷᠭᠦᠯᠵᠢᠯᠡᠨ ᠥᠷᠭᠡᠳᠬᠡᠵᠦ᠂ ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠨᠳᠦᠲᠦ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号