ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠪᠠᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/31
    ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠾᠧᠨᠠᠨ ᠤ ᠨᠠᠨᠶᠠᠩ ᠪᠠ ᠵᠢᠶᠠᠩᠰᠢ ᠶᠢᠨ ᠰᠢᠨ ᠢᠦᠢ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 1 ᠰᠠᠷ᠎ᠠ ᠶᠢᠨ 20᠎ ᠤ ᠡᠳᠦᠷ ᠠᠴᠠ ᠡᠬᠢᠯᠡᠨ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃    ᠲᠣᠰ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢ 3 ᠪᠠᠶᠢᠴᠠᠭᠠᠬᠤ ᠳᠤᠭᠤᠶᠢᠯᠠᠩ ᠬᠤᠪᠢᠶᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠲᠣᠰ ᠲᠣᠰ ᠪᠦᠯᠬᠦᠮ ᠳᠠᠭᠠᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠪᠡ᠃   ᠡᠯ᠎ᠡ ᠪᠠᠶᠢᠴᠠᠭᠠᠬᠤ ᠳᠤᠭᠤᠶᠢᠯᠠᠩ ᠤᠨ ᠬᠢᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠳᠣᠭᠢᠷᠠᠭᠤᠯᠤᠭᠰᠠᠨ᠂ ᠠᠮᠠᠷᠠᠯᠲᠠ ᠶᠢᠨ ᠬᠤᠭᠤᠴᠠᠭᠠᠨ ᠤ ᠪᠠᠭᠰᠢ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ᠂ ᠵᠢᠭᠠᠨ ᠰᠤᠷᠭᠠᠯᠲᠠ ᠶᠢᠨ ᠠᠰᠠᠷ᠂ ᠪᠠᠶᠢᠷᠢ ᠶᠢᠨ ᠠᠰᠠᠷ᠂ ᠬᠤᠭᠤᠯᠠᠨ ᠬᠡᠷ᠂ ᠲᠤᠷᠰᠢᠯᠲᠠ ᠶᠢᠨ ᠲᠠᠰᠤᠭ᠂ ᠨᠣᠮ ᠤᠨ ᠰᠠᠩ᠂ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠭᠠᠯ ᠤᠨᠲᠠᠷᠠᠭᠠᠬᠤ ᠲᠠᠷᠬᠠᠭᠠᠨ ᠶᠠᠪᠤᠭᠤᠯᠬᠤ ᠵᠠᠮ᠂ ᠠᠮᠤᠷ ᠲᠦᠪᠰᠢᠨ ᠤ ᠭᠠᠷᠬᠤ ᠡᠭᠦᠳᠡ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠭᠤᠤᠷᠰᠤ ᠵᠢᠴᠢ ᠭᠠᠯ ᠤᠨᠲᠠᠷᠠᠭᠠᠭᠤᠷ ᠢ ᠲᠣᠬᠢᠷᠠᠭᠤᠯᠤᠭᠰᠠᠨ ᠡᠰᠡᠬᠦ᠂ ᠡᠳᠦᠷ ᠲᠤᠲᠤᠮ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠬᠠᠮᠢᠶᠠᠷᠤᠯᠲᠠ ᠵᠡᠷᠭᠡ ᠪᠠᠶᠢᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠨᠢ ᠪᠠᠶᠢᠴᠠᠭᠠᠨ ᠦᠵᠡᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶ ᠳᠤᠷᠠᠳᠴᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠳᠠᠯᠳᠠ ᠬᠡᠮ ᠢ ᠡᠷᠡᠰ ᠠᠷᠢᠯᠭᠠᠪᠠ᠃    ᠡᠴᠦᠰ ᠲᠤ᠂ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠰᠤᠷᠭᠠᠭᠤᠯᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠪᠠᠶᠢᠴᠠᠭᠠᠬᠤ ᠪᠠᠷ ᠳᠡᠮᠵᠢᠨ ᠥᠭᠡᠷᠡᠴᠢᠯᠡᠯᠲᠡ ᠶᠢ ᠠᠬᠢᠭᠤᠯᠵᠤ᠂ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠳᠤᠮᠳᠠᠬᠢ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠴᠡᠭ ᠢ ᠠᠷᠢᠯᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠢᠲᠡᠭᠦᠮᠵᠢᠯᠡᠯ ᠢ ᠪᠣᠳᠠᠲᠠᠶᠢᠵᠢᠭᠤᠯᠬᠤ ᠶᠢ ᠠᠬᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ᠃   
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号