ᠬᠠᠶᠢᠷᠤᠪ ᠤᠨ ᠲᠤᠬᠤᠢ᠂ ︽ᠬᠤᠪᠢᠰᠬᠠᠯᠲᠤ ᠦᠢᠯᠡᠴᠢᠯᠡᠭᠡᠨ ᠤ ᠪᠦᠯᠬᠦᠮ︾ ᠠᠵᠤ ᠠᠬᠤᠶᠢᠯᠠᠯ ᠳᠤ ᠣᠷᠣᠪᠠ
ᠨᠡᠶᠢᠲᠡᠯᠡᠭᠰᠡᠨ ᠴᠠᠭ᠄
2024/1/4
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ᠂ ᠬᠠᠶᠢᠷᠤᠪ ᠤᠨ ᠲᠣᠬᠤᠶ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ︽ᠬᠤᠪᠢᠰᠬᠠᠯᠲᠤ ᠤᠶᠢᠯᠡᠴᠢᠯᠡᠭᠡᠨ ᠤ ᠪᠦᠯᠬᠦᠮ︾᠎ ᠤᠨ ᠪᠦᠷᠢᠯᠳᠦᠬᠦᠨ ᠦᠬᠠᠶ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠺᠠᠳ᠋ᠷ ᠠᠵᠢᠯᠲᠠᠨ ᠳᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃    ᠲᠤᠰᠬᠠᠶ ᠰᠡᠳᠦᠪᠲᠦ ᠨᠠᠮ ᠤᠨ ᠬᠢᠴᠢᠶᠡᠯ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠡᠳᠦᠪ ᠢᠶᠠᠷ᠂ ᠤᠯᠠᠨ ᠢ ᠳᠠᠭᠠᠭᠤᠯᠤᠨ ︽ᠲᠠᠪᠤᠨ ᠥᠭᠦᠯᠡᠪᠦᠷᠢ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠣᠶᠢᠯᠠᠭᠠᠭᠤᠯᠵᠤ᠂ ︽ᠲᠠᠪᠤᠨ ᠥᠭᠦᠯᠡᠪᠦᠷᠢ︾᠎ ᠳᠤ ᠠᠭᠤᠯᠤᠭᠳᠠᠵᠤ ᠪᠠᠶᠢᠭ᠎ᠠ ᠪᠠᠶᠠᠯᠢᠭ ᠠᠭᠤᠯᠤᠭᠳᠠᠬᠤᠨ ᠢ ᠨᠠᠷᠢᠨ ᠨᠢᠮᠪᠠᠶ ᠲᠣᠳᠣᠷᠬᠠᠶᠢᠯᠠᠨ ᠥᠭᠦᠯᠡᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠡᠦᠬᠡ ᠶᠢᠨ ᠯᠣᠭᠢᠭ᠂ ᠪᠣᠳᠠᠲᠤ ᠯᠣᠭᠢᠭ ᠪᠠ ᠦᠢᠯᠡᠳᠦᠯᠭᠡ ᠶᠢᠨ ᠯᠣᠭᠢᠭ ᠢ ᠡᠮᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠭᠠᠵᠠᠷ ᠣᠷᠣᠨ ᠳᠠᠬᠢ ᠤᠳᠤᠷᠢᠳᠤᠯᠭ᠎ᠠ ᠪᠠ ᠳᠤᠮᠳᠠᠳᠤ ᠤᠯᠤᠰ ᠤᠨ ᠠᠷᠠᠳ ᠲᠦᠮᠡᠨ ᠤ ᠵᠣᠯ ᠵᠢᠷᠭᠠᠯ ᠢ ᠡᠷᠢᠯᠬᠢᠯᠡᠬᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠢᠯᠡᠰ ᠤᠨ ᠬᠥᠭᠵᠢᠯᠲᠡ ᠶᠢᠨ ᠥᠩᠭᠡᠷᠡᠯᠲᠡ ᠶᠢ ᠠᠮᠢᠳᠤᠯᠢᠭ ᠢᠶᠠᠷ ᠲᠣᠭᠠᠴᠢᠪᠠ᠃    ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ︽ᠬᠤᠪᠢᠰᠬᠠᠯᠲᠤ ᠤᠶᠢᠯᠡᠴᠢᠯᠡᠭᠡᠨ ᠤ ᠪᠦᠯᠬᠦᠮ︾ ᠪᠠᠶᠢᠭᠤᠯᠤᠭᠳᠠᠭᠰᠠᠨ ᠠᠴᠠ ᠨᠠᠰᠢ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠤᠶᠠᠷ ᠰᠢᠨ᠎ᠡ ᠵᠣᠬᠢᠶᠠᠨ ᠪᠠᠶᠢᠭᠤᠯᠤᠯᠲᠠ︾᠎ ᠶᠢᠨ ᠰᠤᠷᠪᠤᠯᠵᠢᠯᠠᠭ᠎ᠠ ᠳᠤ ᠭᠦᠨᠵᠡᠭᠡᠶᠢᠷᠡᠵᠦ᠂ ︽ᠬᠤᠶᠠᠷ ᠰᠢᠨ᠎ᠡ ᠵᠣᠬᠢᠶᠠᠨ ᠪᠠᠶᠢᠭᠤᠯᠤᠯᠲᠠ︾᠎ ᠶᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠤᠡᠪᠤᠷᠢᠯᠡᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠠᠮᠢᠶ᠎ᠠ ᠪᠦᠬᠦᠢ ᠠᠵᠢᠯᠯᠠᠭ᠎ᠠ ᠶᠢ ᠢᠳᠡᠪᠬᠢᠲᠡᠢ ᠬᠠᠷᠢᠯᠴᠠᠨ ᠥᠷᠨᠢᠭᠦᠯᠵᠦ᠂ ᠦᠬᠠᠶ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠤᠯᠪᠣᠭᠳᠠᠯ ᠪᠦᠬᠦᠢ ᠤᠶᠢᠯᠡᠴᠢᠯᠡᠭᠡᠨ ᠤ ᠲᠥᠷᠥᠯ ᠵᠦᠢᠯ 2 ᠬᠠᠩᠭᠠᠵᠤ᠂ 1 ᠤᠳᠠᠭ᠎ᠠ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠬᠠᠮᠲᠤᠷᠠᠭᠰᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 1 ᠤᠳᠠᠭ᠎ᠠ ᠥᠷᠨᠢᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠤᠬᠠᠭᠤᠯᠤᠨ ᠲᠠᠶᠢᠯᠪᠤᠷᠢᠯᠠᠭᠴᠢ ᠶᠢ ᠤᠷᠢᠵᠤ ᠠᠵᠤ ᠠᠬᠤᠶᠢᠯᠠᠯ ᠳᠤ ᠣᠴᠢᠭᠤᠯᠤᠨ 1 ᠤᠳᠠᠭ᠎ᠠ ᠤᠬᠠᠭᠤᠯᠤᠨ ᠲᠠᠶᠢᠯᠪᠤᠷᠢᠯᠠᠭᠤᠯᠪᠠ᠃    ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ   ︽ᠬᠤᠪᠢᠰᠬᠠᠯ ᠤᠨ ᠤᠶᠢᠯᠡᠴᠢᠯᠡᠭᠡᠨ ᠤ ᠪᠦᠯᠬᠦᠮ︾᠎ ᠤᠨ ᠤᠶᠢᠯᠡᠳᠤᠯ ᠢ ᠰᠠᠶᠢᠲᠤᠷ ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠠᠶᠢᠷᠤᠪ ᠤᠨ ᠲᠣᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠡᠯ᠎ᠡ ᠵᠦᠢᠯ ᠤᠨ ᠠᠵᠢᠯ ᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号