ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠳᠡᠩᠰᠡᠯᠡᠯᠲᠡ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/1/4
    ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠳᠡᠩᠰᠡᠯᠡᠯᠲᠡ ᠶᠢᠨ ᠠᠵᠢᠯ ᠨᠢᠭᠡᠨᠲᠡ 2024 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠡᠬᠢᠯᠡᠵᠦ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠨᠢ ᠪᠥᠬᠦ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠦᠨᠳᠦᠰᠦᠨ ᠵᠦᠢᠯ︾᠎ ᠢ ᠲᠣᠳᠣᠷᠬᠠᠶ ᠣᠶᠢᠯᠠᠭᠠᠵᠤ᠂ ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ᠂ ᠰᠢᠨ᠎ᠡ ᠣᠨᠴᠠᠯᠢᠭ ᠢ ᠪᠥᠬᠦ ᠲᠠᠯ᠎ᠠ ᠪᠠᠷ ᠣᠶᠢᠯᠠᠭᠠᠬᠤ ᠳᠤ ᠴᠢᠬᠤᠯᠠ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠪᠠᠶᠢᠵᠤ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠳᠤ ᠠᠰᠢᠭᠲᠠᠶ ᠶᠤᠮ᠃     1 ᠰᠠᠷ᠎ᠠ ᠶᠢᠨ 2᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠨᠡᠶᠢᠳᠡᠮ ᠪᠠᠶᠢᠴᠠᠭᠠᠭᠴᠢ ᠨᠠᠷ ᠶᠠᠭᠠᠷᠠᠯᠲᠠᠢ ᠠᠵᠢᠯᠯᠠᠵᠤ᠂ ᠲᠡᠳᠡᠨ ᠤ ᠬᠠᠷᠢᠭᠤᠴᠠᠵᠤ ᠪᠠᠶᠢᠭ᠎ᠠ ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠲᠤᠭ᠎ᠠ ᠪᠠᠷᠢᠮᠲᠠ ᠳᠠᠩᠰᠠᠯᠠᠬᠤ ᠠᠵᠢᠯ ᠢ ᠡᠬᠢᠯᠡᠭᠦᠯᠵᠡᠢ᠃ ᠡᠷᠦᠬᠡ ᠳᠤ ᠣᠷᠣᠵᠤ ᠴᠤᠭᠯᠠᠭᠤᠯᠬᠤ᠂ ᠨᠡᠶᠢᠳᠡᠮ ᠪᠠᠶᠢᠴᠠᠭᠠᠬᠤ ᠡᠲᠡᠭᠡᠳ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ᠂ ᠰᠠᠯᠠᠭ᠎ᠠ ᠮᠥᠴᠢᠷ ᠵᠣᠬᠢᠶᠠᠨ ᠪᠠᠶᠢᠭᠤᠯᠤᠨ ᠨᠡᠶᠢᠳᠡᠮ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠶᠢᠷᠤᠪ ᠤᠨ ᠲᠣᠬᠤᠢ ᠲᠣᠭᠤᠷᠢᠭ ᠤᠨ ᠬᠤᠶᠠᠳᠤᠭᠠᠷ ᠠᠵᠤ ᠤᠶᠢᠯᠡᠰ ᠪᠣᠯᠤᠨ ᠭᠤᠷᠪᠠᠳᠤᠭᠠᠷ ᠠᠵᠤ ᠤᠶᠢᠯᠡᠰ ᠤᠨ ᠠᠵᠢᠯᠯᠠᠭ᠎ᠠ ᠬᠢᠬᠦ ᠪᠦᠬᠦ ᠬᠠᠤᠯᠢ ᠶᠢᠨ ᠡᠷᠬᠡᠲᠡᠨ ᠤ ᠨᠢᠭᠡᠴᠡ᠂ ᠠᠵᠤ ᠤᠶᠢᠯᠡᠰ ᠤᠨ ᠠᠵᠢᠯᠯᠠᠭᠠᠨ ᠤ ᠨᠢᠭᠡᠴᠡ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠶᠢ ᠨᠢᠭᠡᠳ ᠨᠢᠭᠡ ᠪᠠᠷ ᠵᠢᠩᠬᠢᠨᠢ ᠪᠠᠷ ᠳᠠᠩᠰᠠᠯᠠᠵᠤ᠂ ᠦᠨᠡᠨ ᠪᠣᠳᠠᠲᠠᠶ ᠣᠨᠣᠪᠴᠢᠲᠠᠶ ᠪᠦᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠬᠡᠷᠡᠭᠲᠡᠶ᠃     ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠨᠢ ᠴᠦ ᠨᠡᠶᠢᠳᠡᠮ ᠪᠠᠶᠢᠴᠠᠭᠠᠭᠴᠢ ᠳᠤ ᠨᠡᠶᠢᠳᠡᠮ ᠪᠠᠶᠢᠴᠠᠭᠠᠯᠲᠠ ᠶᠢᠨ ︽ᠬᠤᠷᠴᠠ ᠵᠡᠪᠰᠡᠭ︾ ᠬᠠᠩᠭᠠᠵᠤ᠂ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠶᠢ ᠭᠠᠷ ᠤᠲᠠᠰᠤᠨ ᠤ ᠵᠥᠭᠡᠯᠡᠨ ᠲᠣᠨᠤᠭ ᠢᠶᠠᠷ ᠳᠠᠮᠵᠢᠭᠤᠯᠤᠨ ᠰᠢᠭᠤᠳ ᠲᠠᠭᠯᠠᠨ ᠮᠡᠳᠡᠭᠦᠯᠵᠦ᠂ ᠡᠭᠦᠨ ᠤ ᠤᠯᠠᠮ ᠠᠴᠠ ᠲᠤᠭ᠎ᠠ ᠪᠠᠷᠢᠮᠲᠠ ᠴᠤᠭᠯᠠᠭᠤᠯᠬᠤ ᠵᠠᠩᠭᠢᠯᠠᠭ᠎ᠠ ᠶᠢᠨ ᠵᠣᠷᠢᠭᠤᠳᠠ ᠬᠠᠷᠰᠢᠯᠠᠬᠤ ᠬᠦᠴᠦᠨ ᠵᠦᠢᠯ ᠢ ᠪᠦᠲᠦᠮᠵᠢᠲᠡᠶ ᠪᠠᠭᠠᠰᠬᠠᠵᠤ᠂ ᠨᠡᠶᠢᠳᠡᠮ ᠪᠠᠶᠢᠴᠠᠭᠠᠯᠲᠠ ᠶᠢᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠪᠠ᠃    ︽1 ᠰᠠᠷ᠎ᠠ ᠶᠢᠨ 1᠎ ᠤ ᠡᠳᠦᠷ ᠠᠴᠠ ᠡᠬᠢᠯᠡᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠵᠢᠩᠬᠢᠨᠢ ᠪᠠᠷ ᠡᠷᠦᠬᠡ ᠳᠤ ᠣᠷᠣᠵᠤ ᠳᠠᠩᠰᠠᠯᠠᠬᠤ ᠱᠠᠲᠤᠨ ᠳᠤ ᠣᠷᠣᠪᠠ᠂ ᠪᠢᠳᠡ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠣᠨᠣᠪᠴᠢᠲᠠᠶ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠲᠤᠰᠬᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠤᠳᠠᠭ᠎ᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠰᠢᠤᠢ ᠶᠢᠨ ᠲᠤᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号