ᠲᠠ ᠸᠧᠢ ᠳ᠋ᠠᠢ᠄ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/1/4
    ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠲᠠ ᠸᠧᠢ ᠳ᠋ᠠᠢ ᠬᠡᠯᠡᠭᠰᠡᠨ ᠨᠢ᠄ ︽ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︿ᠨᠢᠭᠡ ᠭᠠᠵᠠᠷ ᠤᠨ ᠬᠥᠭᠵᠢᠯᠲᠡ ᠶᠢ ᠠᠬᠢᠭᠤᠯᠬᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ﹀ ᠤᠯᠤᠰ ᠲᠦᠷᠦ ᠶᠢᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠡᠭᠦᠷᠭᠡᠯᠡᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠦᠨᠡᠨ ᠬᠦ ᠪᠠᠲᠤᠯᠠᠪᠠ᠃    ᠨᠢᠭᠡ ᠳᠤ᠂ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠪᠠ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ︽ᠬᠠᠶᠢᠷᠤᠪ ᠤᠨ ᠲᠤᠬᠤᠢ ᠲᠣᠭᠤᠷᠢᠭ ᠤᠨ ᠠᠮᠤᠷ ᠲᠦᠪᠰᠢᠨ ᠤ ᠱᠠᠯᠠᠪᠳᠠᠭᠤᠯᠤᠨ ᠪᠠᠶᠢᠴᠠᠭᠠᠬᠤ ᠲᠦᠷᠢᠮ ᠤᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠰᠠᠭᠤᠳᠠᠯ ᠢ ᠴᠡᠭᠴᠡᠯᠡᠨ ᠵᠠᠰᠠᠬᠤ᠂ ᠬᠠᠤᠯᠢ ᠬᠡᠷᠡᠭᠵᠢᠭᠦᠯᠦᠯᠲᠡ ᠶᠢ ᠵᠠᠯᠬᠠᠭᠠᠨ ᠴᠡᠭᠡᠷᠯᠡᠭᠦᠯᠬᠦ ᠭᠤᠷᠪᠠᠨ ᠲᠠᠯ᠎ᠠ ᠶᠢᠨ ᠲᠣᠭᠤᠷᠢᠨ ᠳᠤ᠂ ᠡᠳᠦᠷ ᠲᠤᠳᠤᠮ ᠤᠨ ᠲᠤᠬᠢᠷᠠᠭᠤᠯᠤᠯᠳᠠ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠵᠡᠷᠭᠡ ᠶᠢ ᠱᠠᠯᠠᠪᠳᠠᠭᠤᠯᠤᠨ ᠪᠠᠶᠢᠴᠠᠭᠠᠵᠤ᠂ ᠭᠤᠣᠯᠳᠠᠯᠭ᠎ᠠ ᠲᠠᠢ ᠠᠵᠢᠯ ᠤᠨ ᠠᠬᠢᠴᠠ ᠤᠳᠠᠭᠠᠨ᠂ ᠨᠠᠶᠢᠳᠠᠪᠤᠷᠢᠵᠢᠭᠤᠯᠤᠯᠲᠠ ᠬᠦᠴᠦᠨ ᠦᠭᠡᠢ ᠪᠠᠶᠢᠳᠠᠯ ᠢ ᠵᠠᠷᠯᠠᠨ ᠮᠡᠳᠡᠭᠳᠡᠵᠦ᠂ ᠨᠢᠭᠡᠨᠲᠡ 6 ᠤᠳᠠᠭ᠎ᠠ ᠱᠠᠯᠠᠪᠳᠠᠭᠤᠯᠤᠨ ᠪᠠᠶᠢᠴᠠᠭᠠᠵᠤ᠂ ᠡᠯ᠎ᠡ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠱᠠᠯᠠᠪᠳᠠᠭᠤᠯᠪᠠ᠃ ᠬᠤᠶᠠᠷ ᠲᠤ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠲᠠᠢ ᠬᠤᠯᠪᠣᠭᠠᠯᠠᠵᠤ᠂ ︿ᠬᠠᠶᠢᠷᠤᠪ ᠤᠨ ᠲᠤᠬᠤᠢ ᠲᠣᠭᠤᠷᠢᠭ ᠤᠨ e ᠭᠡᠷ﹀ ᠤᠨ ᠸᠢᠴᠠᠲ ᠤᠨ ᠵᠢᠵᠢᠭ ᠫᠷᠤᠭ᠍ᠷᠠᠮ ᠳᠤ ᠲᠦᠰᠢᠭᠯᠡᠨ ᠠᠶᠤᠯᠭᠦᠢ ᠦᠢᠯᠡᠳᠪᠦᠷᠢᠯᠡᠯ ᠤᠨ ᠬᠡᠷᠡᠭ ᠢ ᠳᠡᠭᠡᠭᠰᠢ ᠮᠡᠳᠡᠭᠦᠯᠬᠦ᠂ ᠲᠦᠷᠦᠯᠵᠢᠭᠦᠯᠬᠦ᠂ ᠪᠦᠷᠢᠳᠬᠡᠬᠦ᠂ ᠵᠠᠳᠠᠯᠬᠤ ᠶᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ ᠳᠤᠪᠤᠶᠢᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠮᠤᠷ ᠲᠦᠪᠰᠢᠨ ᠤ ᠲᠦᠪᠰᠢᠨ ᠢ ᠦᠨᠡᠨᠬᠦ ᠳᠡᠭᠡᠭᠰᠢᠯᠡᠭᠦᠯᠪᠡ᠃ ᠣᠳᠣᠬᠠᠨ ᠳᠤ ᠲᠤᠷᠰᠢᠨ ᠬᠡᠷᠡᠭᠯᠡᠬᠦ ᠠᠵᠤ ᠠᠬᠤᠶᠢᠯᠠᠯ 15 ᠪᠠᠶᠢᠵᠤ᠂ 4 ᠠᠵᠢᠯ ᠲᠥᠷᠥᠯ ᠤᠨ ᠬᠦᠷᠢᠶ᠎ᠡ ︵ᠠᠭᠤᠷᠬᠠᠶ᠂ ᠠᠶᠤᠯᠲᠠᠶ ᠬᠢᠮᠢ ᠶᠢᠨ ᠠᠵᠤ ᠦᠢᠯᠡᠳᠪᠦᠷᠢ᠂ ᠠᠵᠤ ᠦᠢᠯᠡᠳᠪᠦᠷᠢ ᠠᠷᠠᠯᠵᠢᠶ᠎ᠠ᠂ ᠬᠥᠮᠦᠨ ᠣᠯᠠᠨ ᠴᠤᠭᠯᠠᠷᠠᠬᠤ ᠭᠠᠵᠠᠷ︶ ᠶᠢ ᠬᠠᠮᠤᠷᠴᠤ᠂ ᠡᠭᠡᠯᠵᠢ ᠳᠤᠭᠤᠶᠢᠯᠠᠩ ᠤᠨ ᠬᠤᠷᠠᠯ ᠢ 1203 ᠤᠳᠠᠭ᠎ᠠ ᠳᠠᠮᠵᠢᠭᠤᠯᠵᠤ᠂ ᠳᠠᠯᠳᠠ ᠬᠡᠮ ᠤᠨ ᠲᠤᠷᠰᠢᠯᠲᠠ ᠶᠢ 82 ᠵᠦᠢᠯ ᠮᠡᠳᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号