ᠰᠢᠨᠬᠤᠸᠠ ᠵᠡᠭᠡᠯᠢ ᠭᠤᠳᠤᠮᠵᠢ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/1/5
    ᠬᠠᠷᠢᠶᠠᠲᠤ ᠣᠷᠣᠨ ᠤ ᠰᠠᠭᠤᠭᠠᠯᠢ ᠠᠷᠠᠳ ᠢ ᠵᠥᠪ ᠢᠶᠠᠷ ᠬᠥᠲᠥᠯᠦᠨ ᠵᠢᠯᠣᠭᠤᠳᠴᠤ ︽ᠪᠣᠬᠢᠷᠲᠤᠯ ᠥᠬᠡᠶ᠂ ᠳᠤᠤᠷ᠎ᠠ ᠨᠡᠭᠦᠷᠡᠰᠦᠲᠥ᠋ᠷᠥᠭᠴᠢᠲᠦ᠂ ᠣᠷᠴᠢᠨ ᠲᠣᠭᠤᠷᠢᠨ ᠢ ᠬᠠᠮᠠᠭᠠᠯᠠᠬᠤ︾ ᠣᠨᠣᠯᠵᠢᠬᠤᠨ ᠢ ᠪᠣᠶ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠣᠷᠣᠯᠴᠠᠭᠴᠢ᠂ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠭᠠᠬᠤ ᠪᠠᠷ ᠴᠢᠷᠮᠠᠶᠢᠬᠤ ᠶᠢᠨ ᠲᠥᠯᠥᠭᠡ᠂ ᠬᠥᠮᠦᠨ ᠪᠦᠬᠦᠨ ᠣᠷᠣᠯᠴᠠᠬᠤ᠂ ᠪᠥᠬᠦ ᠠᠷᠠᠳ ᠢᠶᠠᠷ ᠢᠶᠠᠨ ᠲᠥᠷᠥᠯ ᠬᠤᠪᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠶᠢᠷ᠎ᠠ ᠶᠢᠨ ᠬᠤᠭᠤᠴᠠᠭᠠᠨ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠢᠨ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ︽ᠬᠠᠬᠢᠷ ᠬᠦᠢᠲᠡᠨ ᠡᠪᠦᠯ ᠤᠨ ᠡᠳᠦᠷ ᠤᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠠᠵᠢᠯ ᠢ ᠥᠷᠨᠢᠭᠦᠯᠪᠡ᠃    ᠠᠵᠢᠯᠯᠠᠭ᠎ᠠ ᠶᠢᠨ ᠳᠤᠮᠳᠠ ᠠᠵᠢᠯᠲᠠᠳ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠬᠠᠭᠤᠳᠠᠰᠤ ᠶᠢ ᠠᠳᠬᠤᠵᠤ᠂ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠳᠠᠬᠤᠨ᠂ ᠠᠴᠢ ᠬᠤᠯᠪᠣᠭᠳᠠᠯ᠂ ᠪᠣᠳᠠᠲᠠᠶ ᠠᠷᠭ᠎ᠠ ᠵᠡᠷᠭᠡ ᠶᠢ ᠲᠠᠶᠢᠯᠪᠤᠷᠢᠯᠠᠨ ᠥᠭᠴᠦ᠂ ᠤᠬᠠᠭᠤᠯᠭ᠎ᠠ ᠶᠢᠨ ᠬᠡᠪᠴᠢᠶ᠎ᠡ ᠶᠢ ᠢᠳᠡᠪᠬᠢᠲᠡᠶ ᠥᠷᠭᠡᠳᠬᠡᠨ᠂ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠶᠢᠯᠠᠭᠠᠬᠤ    ᠨᠣᠷᠮ᠎ᠠ ᠶᠢ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠮᠡᠳᠡᠯᠭᠡ ᠶᠢᠨ ᠲᠤᠬᠠᠶ ᠭᠤᠤᠯᠳᠠᠯᠭ᠎ᠠ ᠲᠠᠢ ᠨᠠᠷᠢᠨ ᠲᠠᠶᠢᠯᠤᠮᠵᠢ ᠬᠢᠪᠡ᠃ ᠡᠭᠦᠨ ᠤ ᠬᠠᠮᠲᠤ ᠤᠯᠠᠨ ᠢᠶᠠᠷ ᠢᠶᠠᠨ ᠬᠤᠭ ᠨᠣᠪᠰᠢ ᠶᠢ ᠲᠦᠷᠦᠯ ᠬᠤᠪᠢᠶᠠᠬᠤ ᠡᠩᠨᠡᠭᠡ ᠳᠤ ᠣᠷᠣᠯᠴᠠᠵᠤ᠂ ︽ᠬᠤᠭ ᠨᠣᠪᠰᠢ ᠶᠢ ᠲᠦᠷᠦᠯ ᠬᠤᠪᠢᠶᠠᠬᠤ︾ ᠠᠵᠢᠯ ᠢ ᠨᠡᠩ ᠰᠠᠶᠢᠨ ᠪᠣᠳᠠᠲᠤ ᠦᠷ᠎ᠡ ᠪᠦᠲᠦᠮᠵᠢ ᠤᠯᠬᠤ ᠶᠢ ᠤᠷᠢᠶᠠᠯᠠᠪᠠ᠃    ᠲᠣᠰ ᠤᠳᠠᠭᠠᠨ ᠤ ᠠᠵᠢᠯᠯᠠᠭ᠎ᠠ ᠶᠢᠨ ᠤᠬᠠᠭᠤᠯᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠳᠡᠷᠭᠡᠳᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠬᠤᠭ ᠨᠣᠪᠰᠢ ᠶᠢ ᠲᠥᠷᠥᠯ ᠬᠤᠪᠢᠶᠠᠬᠤ ᠵᠢᠴᠢ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠠᠯᠬᠤᠮ ᠠᠯᠬᠤᠮ ᠢᠶᠠᠷ ᠪᠣᠶ ᠪᠣᠯᠭᠠᠵᠤ᠂ ᠡᠬᠢ ᠪᠠᠶᠠᠯᠢᠭ ᠢ ᠨᠠᠨᠳᠢᠩᠨᠠᠬᠤ᠂ ᠡᠨᠧᠷᠭᠢ ᠶᠢ ᠠᠷᠪᠢᠯᠠᠬᠤ ᠠᠮᠢᠳᠤᠷᠠᠯ ᠤᠨ ᠳᠠᠳᠬᠠᠯ ᠢ ᠪᠣᠶ ᠪᠣᠯᠭᠠᠬᠤ ᠬᠡᠷᠡᠭᠲᠡᠶ᠃ ᠬᠤᠭ ᠨᠣᠪᠰᠢ ᠶᠢ ᠲᠥᠷᠥᠯ ᠬᠤᠪᠢᠶᠠᠬᠤ ᠶᠢ ᠤᠷᠢᠶ᠎ᠠ ᠠᠴᠠ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠬᠤ ᠶᠢ ᠬᠦᠴᠦᠲᠡᠶ ᠠᠬᠢᠭᠤᠯᠵᠤ᠂ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠩᠭᠤᠶ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠪᠠᠶᠢᠭᠤᠯᠬᠤ ᠳᠤ ᠨᠠᠩ ᠠᠰᠢᠭᠲᠠᠶ ᠪᠣᠯᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号