ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2024/1/5
    ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠷᠭᠠᠨ ᠬᠥᠮᠦᠵᠢᠯ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠠᠩᠬᠠᠷᠴᠤ᠂ ᠥᠷᠭᠡᠨ ᠣᠯᠠᠨ ᠪᠠᠭᠰᠢ ᠰᠤᠷᠤᠭᠴᠢ ᠪᠣᠯᠤᠨ ᠠᠷᠠᠳ ᠣᠯᠠᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ ᠰᠢᠢᠤᠡᠪᠤᠷᠢᠯᠡᠬᠦ ᠪᠠᠷ ᠵᠣᠷᠢᠯᠲᠠ ᠪᠣᠯᠭᠠᠵᠤ᠂ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ᠃    ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠭᠤᠤᠯ ᠰᠡᠳᠦᠪᠲᠦ ᠰᠤᠷᠭᠠᠨ ᠬᠥᠮᠦᠵᠢᠯ ᠢᠶᠠᠷ ᠡᠬᠢᠯᠡᠯᠲᠡ ᠶᠢᠨ ᠴᠡᠭ ᠪᠣᠯᠭᠠᠵᠤ᠂ ᠠᠷᠭ᠎ᠠ ᠵᠠᠮ ᠢᠶᠠᠨ ᠲᠠᠰᠤᠷᠠᠯᠲᠠ ᠥᠬᠡᠶ ᠥᠷᠭᠡᠳᠬᠡᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠤᠷᠢᠵᠤ ᠡᠯᠰᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠭᠡᠨ ᠤ ᠪᠠᠭᠰᠢ ᠶᠢ ᠪᠦᠷᠢᠨ ᠭᠦᠢᠴᠡᠳ ᠳᠣᠭᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ︔ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠭᠰᠢ ᠶᠢ ᠵᠥᠪᠰᠢᠶᠡᠷᠡᠨ ᠣᠷᠣᠭᠤᠯᠬᠤ᠂ ᠤᠷᠢᠨ ᠬᠡᠷᠡᠭᠯᠡᠬᠦ᠂ ᠰᠣᠯᠢᠯᠴᠠᠬᠤ᠂ ᠤᠬᠤᠷᠢᠨ ᠭᠠᠷᠬᠤ᠂ ᠪᠣᠯᠪᠠᠰᠤᠷᠠᠭᠤᠯᠬᠤ᠂ ᠰᠢᠯᠢᠳᠡᠭ ᠢ ᠪᠤᠶᠢᠵᠢᠭᠤᠯᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠶᠢ ᠦᠯᠡᠳᠡᠭᠡᠵᠦ ᠳᠡᠶᠢᠯᠬᠦ᠂ ᠪᠠᠶᠢᠯᠳᠤᠵᠤ ᠳᠡᠶᠢᠯᠬᠦ᠂ ᠳᠠᠭᠠᠭᠤᠯᠵᠤ ᠳᠡᠶᠢᠯᠬᠦ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃    ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠪᠦᠲᠦᠴᠡ ᠶᠢᠨ ᠴᠢᠨᠠᠷᠲᠠᠢ ᠪᠠᠷ ᠣᠷᠣᠨ ᠲᠤᠭ᠎ᠠ ᠳᠤᠲᠠᠭᠳᠠᠬᠤ ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠭᠡᠨ ᠤ ᠪᠠᠭᠰᠢ ᠶᠢ ᠪᠦᠷᠢᠨ ᠭᠦᠢᠴᠡᠳ ᠲᠤᠬᠢᠷᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠤᠷᠤᠭᠰᠢᠲᠠᠢ ᠰᠤᠷᠭᠠᠭᠤᠯᠢ ᠡᠬᠢᠯᠡᠬᠦ ᠶᠢ ᠪᠠᠲᠤᠯᠠᠬᠤ ᠶᠢᠨ ᠲᠥᠯᠥᠭᠡ᠂ ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠤᠷᠢᠳ ᠬᠤᠵᠢᠳ ᠳᠡᠭᠡᠳᠦ ᠲᠡᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ 1 ᠤᠳᠠᠭ᠎ᠠ᠂ ᠪᠠᠭᠰᠢ ᠶᠢ ᠤᠷᠢᠵᠤ ᠡᠯᠰᠡᠬᠦ ᠠᠵᠢᠯ ᠢ 2 ᠤᠳᠠᠭ᠎ᠠ ᠵᠣᠬᠢᠶᠠᠨ ᠪᠠᠶᠢᠭᠤᠯᠤᠨ ᠪᠡᠶᠡᠯᠡᠭᠦᠯᠪᠡ︔ ᠡᠭᠦᠨ ᠤ ᠬᠠᠮᠲᠤ᠂ 2022 ᠣᠨ ᠳᠤ ᠪᠡᠶᠡᠯᠡᠭᠦᠯᠦᠭᠡᠳᠦᠢ ᠨᠡᠶᠢᠭᠡᠮ ᠳᠤ ᠬᠠᠨᠳᠤᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠵᠤ ᠡᠯᠰᠡᠬᠦ ᠠᠵᠢᠯ ᠢ ᠡᠨᠡ ᠵᠢᠯ ᠳᠠᠭᠤᠰᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ 96 ᠪᠠᠭᠰᠢ ᠶᠢ ᠡᠯᠰᠡᠪᠡ︔ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠱᠠᠨᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ ᠳᠡᠭᠡᠳᠦ ᠲᠡᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠶᠠᠪᠤᠭᠳᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ 19 ᠪᠠᠭᠰᠢ ᠶᠢ ᠢᠯᠡ ᠪᠠᠷ ᠡᠯᠰᠡᠬᠦ ᠠᠵᠢᠯ ᠢ ᠪᠡᠶᠡᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ 80 ᠪᠠᠭᠰᠢ ᠶᠢ ᠠᠮᠵᠢᠯᠲᠠ ᠲᠠᠢ ᠪᠠᠷ ᠤᠷᠢᠨ ᠬᠡᠷᠡᠭᠯᠡᠪᠡ᠃    ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠶᠢᠨ ᠲᠥᠷᠥᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠠᠵᠢᠯᠯᠠᠵᠤ ᠰᠣᠯᠢᠯᠴᠠᠬᠤ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ ᠶᠢᠨ ᠳᠠᠳᠤᠯᠭ᠎ᠠ ᠶᠢᠨ ᠰᠤᠷᠤᠭᠴᠢ ᠶᠢ ᠣᠷᠣᠭᠤᠯᠤᠨ ᠠᠪᠴᠢᠷᠠᠵᠤ᠂ ᠰᠢᠯᠢᠳᠡᠭ ᠴᠢᠳᠠᠪᠤᠷᠢᠲᠠᠨ ᠢ ᠰᠢᠯᠢᠨ ᠰᠣᠩᠭᠤᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠠᠳᠤᠯᠭ᠎ᠠ ᠶᠢᠨ ᠰᠠᠭᠤᠷᠢᠨ ᠭᠠᠵᠠᠷ ᠤᠨ ᠲᠠᠪᠴᠠᠩ ᠤᠨ ᠤᠶᠢᠯᠡᠳᠤᠯ ᠢ ᠭᠦᠢᠴᠡᠳ ᠪᠠᠳᠠᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠬᠢᠭᠡᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠨ ᠠᠶᠢᠯᠴᠢᠯᠠᠵᠤ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠳᠠᠳᠤᠯᠭ᠎ᠠ ᠶᠢᠨ ᠰᠣᠷᠣᠭᠴᠢ ᠶᠢᠨ ᠬᠠᠮᠢᠶᠠᠷᠤᠯᠲᠠ ᠪᠠ ᠪᠣᠯᠪᠠᠰᠤᠷᠠᠭᠤᠯᠤᠯ ᠤᠨ ᠲᠦᠷᠢᠮ ᠢ ᠲᠡᠭᠦᠯᠳᠡᠷᠵᠢᠭᠦᠯᠦᠨ᠂ ᠳᠤᠮᠳᠠᠳᠤ ᠪᠠᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶᠎ ᠶᠢᠨ ᠤᠳᠤᠷᠢᠳᠬᠤ ᠺᠠᠳ᠋ᠷ ᠪᠠ ᠪᠠᠭᠰᠢ ᠶᠢᠨ ᠪᠣᠯᠪᠠᠰᠤᠷᠠᠭᠤᠯᠤᠯ ᠤᠨ ᠲᠥᠷᠥᠯ  ᠵᠤᠶᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 75 ᠰᠤᠷᠤᠭᠴᠢ᠂ ᠳᠠᠭᠠᠭᠠᠴᠢᠯᠠᠭᠰᠠᠨ ᠪᠠᠭᠰᠢ ᠶᠢᠨ ᠳᠡᠭᠡᠳᠦ ᠰᠤᠷᠭᠠᠭᠤᠯᠢ ᠶᠢᠨ 28 ᠰᠣᠷᠣᠭᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠦᠢᠯᠡᠳᠦᠯᠭᠡ ᠶᠢᠨ ᠰᠤᠷᠤᠯᠴᠠᠯᠭ᠎ᠠ ᠬᠢᠵᠦ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠳᠤ ᠰᠢᠨ᠎ᠡ ᠰᠣᠷᠣᠭᠴᠢ ᠶᠢᠨ ᠬᠦᠴᠦᠨ ᠨᠡᠮᠡᠷᠢᠯᠡᠵᠦ᠂ ᠰᠢᠨ᠎ᠡ ᠰᠣᠷᠭᠤᠭ ᠬᠦᠴᠦᠨ ᠨᠡᠮᠡᠷᠢᠯᠡᠭᠰᠡᠨ ᠪᠥᠭᠡᠳ ᠬᠠᠶᠢᠷᠤᠪ ᠤᠨ ᠲᠣᠬᠤᠶ ᠲᠣᠭᠤᠷᠢᠭ ᠤᠨ ᠰᠢᠯᠢᠳᠡᠭ ᠴᠢᠳᠠᠪᠤᠷᠢᠲᠠᠨ ᠢ ᠰᠢᠯᠢᠨ ᠰᠣᠩᠭᠤᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃    ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠭᠤᠤᠯ ᠰᠡᠳᠦᠪᠲᠦ ᠰᠤᠷᠭᠠᠨ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠣᠯᠠᠨ ᠠᠷᠭ᠎ᠠ ᠬᠡᠮᠵᠢᠶ᠎ᠡ ᠪᠠᠷ ᠴᠢᠳᠠᠪᠤᠷᠢᠲᠠᠨ ᠢ ᠬᠥᠮᠦᠵᠢᠭᠦᠯᠵᠦ᠂ ᠪᠦᠬᠦ ᠲᠤᠭᠤᠷᠢᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠡᠭᠡ ᠰᠤᠷᠭᠠᠭᠤᠯᠢᠯᠠᠯ ᠤᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢ ᠰᠤᠷᠭᠠᠭᠤᠯᠢ ᠶᠢᠨ ᠳᠣᠲᠣᠷᠠᠬᠢ ᠶᠡᠭᠡ ᠰᠤᠷᠭᠠᠭᠤᠯᠢᠯᠠᠯ᠂ ᠪᠦᠬᠦ ᠲᠤᠭᠤᠷᠢᠭ ᠤᠨ ᠶᠡᠭᠡ ᠰᠤᠷᠭᠠᠭᠤᠯᠢᠯᠠᠯ ᠤᠨ ᠦᠷ᠎ᠡ ᠪᠦᠲᠦᠭᠡᠯ ᠤᠨ ᠦᠵᠡᠭᠦᠯᠦᠯᠭᠡ ᠪᠣᠯᠤᠨ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ ᠭᠡᠵᠦ ᠭᠤᠷᠪᠠᠨ ᠱᠠᠲᠤ ᠬᠤᠪᠢᠶᠠᠵᠤ᠂ ᠰᠤᠷᠭᠠᠭᠤᠯᠢ ᠶᠢᠨ ᠳᠣᠲᠣᠷᠠᠬᠢ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠪᠣᠯᠤᠨ ᠰᠤᠷᠭᠠᠭᠤᠯᠢ ᠶᠢᠨ ᠳᠣᠲᠣᠷᠠᠬᠢ ᠵᠢᠱᠢᠶ᠎ᠡ ᠦᠵᠡᠭᠦᠯᠬᠦ ᠬᠢᠴᠢᠶᠡᠯ ᠤᠨ ᠢᠯᠡ ᠬᠢᠴᠢᠶᠡᠯ ᠤᠨ ᠬᠡᠯᠪᠡᠷᠢ ᠪᠠᠷ ᠥᠷᠨᠢᠭᠦᠯᠪᠡ︔ ᠵᠢᠭᠠᠨ ᠰᠤᠷᠭᠠᠯᠲᠠ ᠶᠢᠨ ᠴᠢᠳᠠᠪᠤᠷᠢᠲᠠᠨ ᠤ ᠤᠷᠤᠯᠳᠤᠭᠠᠨ ᠢ ᠪᠡᠶᠡᠯᠡᠭᠦᠯᠵᠦ᠂ 32 ᠰᠢᠯᠢᠳᠡᠭ ᠵᠢᠭᠠᠨ ᠰᠤᠷᠭᠠᠯᠲᠠ ᠶᠢᠨ ᠴᠢᠳᠠᠪᠤᠷᠢᠲᠠᠨ ᠪᠣᠯᠤᠨ 42 ᠵᠢᠭᠠᠨ ᠰᠤᠷᠭᠠᠯᠲᠠ ᠶᠢᠨ ᠴᠢᠳᠠᠪᠤᠷᠢᠲᠠᠨ ᠢ ᠰᠢᠯᠭᠠᠷᠠᠭᠤᠯᠤᠨ ᠭᠠᠷᠭᠠᠪᠠ᠃    ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠪᠦᠯᠦᠭ ᠤᠳᠠᠭ᠎ᠠ ᠬᠤᠪᠢᠶᠠᠨ 493 ᠨᠡᠷᠡᠰ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡᠨ ᠤ ᠪᠠᠭᠰᠢ ᠶᠢ ᠲᠣᠮᠢᠯᠠᠨ ᠣᠷᠳᠣᠰ ᠲᠤ ᠣᠴᠢᠭᠤᠯᠵᠤ ︽ᠪᠥᠬᠦ ᠤᠯᠤᠰ ᠤᠨ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡᠨ ᠤ ᠨᠠᠷᠠᠲᠤ ᠪᠠᠭᠰᠢ ᠶᠢᠨ ᠵᠢᠭᠠᠨ ᠰᠤᠷᠭᠠᠯᠲᠠ ᠶᠢᠨ ᠲᠣᠭᠤᠷᠢᠨ ᠦᠵᠡᠵᠦ ᠰᠤᠳᠤᠯᠤᠨ ᠶᠠᠷᠢᠯᠴᠠᠬᠤ ᠠᠵᠢᠯᠯᠠᠭ᠎ᠠ ᠳᠤ ᠣᠷᠣᠯᠴᠠᠭᠤᠯᠵᠤ᠂ 66 ᠨᠡᠷᠡᠰ ᠪᠠᠭ᠎ᠠ ᠰᠤᠷᠭᠠᠭᠤᠯᠢ ᠶᠢᠨ ᠬᠡᠯᠡ ᠪᠢᠴᠢᠭ ᠪᠠ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠭᠤᠤᠯᠯᠠᠭᠴᠢ ᠪᠠᠭᠰᠢ ᠶᠢ ᠲᠣᠮᠢᠯᠠᠨ ᠴᠦᠩᠴᠢᠩ ᠤᠨ ᠪᠠᠭ᠎ᠠ ᠰᠤᠷᠭᠠᠭᠤᠯᠢ ᠶᠢᠨ ᠨᠢᠭᠡᠴᠢ ᠶᠢᠨ ᠪᠦᠬᠦᠯᠢ ᠴᠣᠭᠴᠠ ᠶᠢᠨ ᠵᠢᠭᠠᠨ ᠰᠤᠷᠭᠠᠯᠲᠠ ᠶᠢᠨ ᠭᠤᠤᠯ ᠴᠣᠭᠴᠠ ᠶᠢᠨ ᠲᠦᠷᠦᠭᠦᠴᠦᠳ ᠤᠨ ᠠᠵᠢᠯᠯᠠᠭ᠎ᠠ ᠳᠤ ᠣᠷᠣᠯᠴᠠᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠱᠠᠲᠤᠨ ᠤ 8᠂ 9 ᠣᠨ ᠤ ᠭᠠᠵᠠᠷ ᠵᠦᠶ ᠶᠢᠨ ᠠᠮᠢᠳᠤ ᠪᠣᠳᠠᠰ ᠤᠨ ᠪᠠᠭᠰᠢ ᠶᠢ ᠲᠣᠮᠢᠯᠠᠨ ᠥᠪᠡᠷᠲᠡᠭᠡᠨ ᠵᠠᠰᠠᠬᠤ ᠣᠷᠣᠨ ᠤ 2023 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠡᠯᠡᠳᠬᠡᠯ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠤᠯᠵᠤ᠂ 12 ᠨᠡᠷᠡᠰ ᠵᠢᠭᠠᠬᠤ ᠶᠢ ᠰᠤᠳᠤᠯᠤᠭᠴᠢ ᠶᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠭᠤᠤᠯᠯᠠᠭᠴᠢ ᠵᠢᠭᠠᠨ ᠰᠤᠳᠤᠯᠤᠭᠴᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠪᠠ᠃    ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠶᠢ ᠣᠷᠣᠭᠤᠯᠤᠨ ᠠᠪᠴᠢᠷᠠᠬᠤ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠲᠠᠰᠤᠷᠠᠯᠳᠠ ᠦᠭᠡᠢ ᠰᠠᠶᠢᠵᠢᠷᠠᠭᠤᠯᠵᠤ᠂ ᠪᠠᠭᠰᠢ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠡᠳᠡᠨ ᠳᠤ ᠬᠠᠶᠢᠷᠤᠪ ᠤᠨ ᠲᠤᠬᠤᠢ ᠲᠣᠭᠤᠷᠢᠭ ᠤᠨ ᠬᠠᠯᠠᠭᠤᠨ ᠰᠡᠳᠬᠢᠯᠭᠡ ᠶᠢ ᠮᠡᠳᠡᠷᠡᠭᠦᠯᠵᠦ᠂ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号