ᠰᠢᠤᠢ ᠵᠢᠶᠧ᠄ ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠴᠢᠨᠠᠷ ᠰᠠᠶᠢᠲᠠᠢ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠤ ᠶᠠᠪᠤᠳᠠᠯ ᠬᠢᠪᠡ︕
ᠨᠡᠶᠢᠲᠡᠯᠡᠭᠰᠡᠨ ᠴᠠᠭ᠄
2024/1/8
    ᠬᠠᠶᠢᠷᠤᠪ ᠤᠨ ᠲᠣᠬᠤᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠵᠢᠶᠧ ᠬᠡᠯᠡᠭᠰᠡᠨ ᠨᠢ᠄ ︽2023 ᠣᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︿ᠵᠠᠰᠠᠭ ᠢᠶᠠᠷ ᠡᠳ᠋ ᠤᠨ ᠶᠠᠪᠤᠳᠠᠯ ᠢ ᠬᠠᠮᠢᠶᠠᠷᠬᠤ᠂ ᠡᠳ᠋ ᠤᠨ ᠵᠠᠰᠠᠭ ᠢᠶᠠᠷ ᠵᠠᠰᠠᠭ ᠢ ᠲᠡᠳᠬᠦᠬᠦ﹀ ᠵᠠᠷᠴᠢᠮ ᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠬᠤᠷᠸ᠎ᠠ ᠠᠵᠤ ᠠᠬᠤᠢ ᠶᠢᠨ ᠦᠷᠭᠦᠯᠵᠢᠯᠡᠨ ᠳᠠᠷᠤᠯᠲᠠ ᠬᠦᠯᠢᠶᠡᠬᠦ ᠪᠠ ᠲᠣᠭᠲᠠᠪᠤᠷᠢ ᠦᠭᠡᠢ ᠴᠢᠨᠠᠷ ᠤᠨ ᠡᠮᠦᠨ᠎ᠡ ᠡᠳ᠋ ᠤᠨ ᠵᠠᠰᠠᠭ ᠤᠨ ᠢᠳᠡᠪᠬᠢᠲᠡᠢ ᠲᠥᠷᠦ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠬᠦᠷᠢᠶᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃     2023 ᠣᠨ ᠤ ᠡᠴᠦᠰ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 40.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠡᠶᠡᠷᠭᠦ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠪᠡ᠃ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︿ᠭᠤᠷᠪᠠ ᠶᠢ ᠪᠠᠲᠤᠯᠠᠬᠤ﹀ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠨᠠᠢᠮᠠᠨ ᠵᠤᠶᠢᠯ ᠤᠨ ᠵᠠᠷᠤᠯᠭ᠎ᠠ ᠨᠢ ᠡᠳ᠋ ᠤᠨ ᠵᠠᠰᠠᠭ ᠤᠨ ᠪᠥᠬᠦ ᠵᠠᠷᠤᠯᠭ᠎ᠠ ᠶᠢᠨ 80%᠎ ᠶᠢ ᠡᠵᠡᠯᠡᠪᠡ᠃ ᠡᠭᠦᠨ ᠤ ᠬᠠᠮᠲᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠵᠤ᠂ ᠪᠦᠬᠦ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠥᠷᠢ ᠥᠭᠴᠡᠭᠡᠨ ᠤ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠠᠮᠵᠢᠯᠲᠠ ᠲᠠᠢ ᠪᠠᠷ ᠤᠬᠤᠷᠢᠨ ᠭᠠᠷᠪᠠ᠃     2024 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠡᠳ᠋ ᠤᠨ ᠵᠠᠰᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︿ᠲᠦᠷᠪᠡ ᠶᠢ ᠢᠮᠠᠭᠲᠠ ᠪᠠᠷᠢᠮᠲᠠᠯᠠᠬᠤ﹀᠎ ᠪᠠᠷ ᠭᠠᠷᠳᠠᠴᠠ ᠪᠣᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠡᠳ᠋ ᠤᠨ ᠵᠠᠰᠠᠭ ᠤᠨ ᠠᠵᠢᠯ ᠢ ᠦᠷᠭᠦᠯᠵᠢᠯᠡᠨ ᠰᠠᠶᠢᠲᠤᠷ ᠬᠢᠬᠦ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠡᠳ᠋ ᠤᠨ ᠵᠠᠰᠠᠭ ᠤᠨ ᠠᠵᠢᠯ ᠤᠨ ᠤᠯᠤᠰ ᠲᠦᠷᠦᠴᠢ ᠴᠢᠨᠠᠷ᠂ ᠶᠡᠭᠡ ᠲᠠᠯ᠎ᠠ ᠶᠢᠨ ᠦᠵᠡᠯᠲᠡ ᠶᠢ ᠢᠮᠠᠭᠲᠠ ᠭᠤᠶᠢᠪᠢᠰᠢ ᠦᠭᠡᠢ ᠳᠡᠭᠡᠭᠰᠢᠯᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠢᠮᠠᠭᠲᠠ ᠪᠠᠷᠢᠮᠲᠠᠯᠠᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠬᠠᠳᠠᠨ ᠵᠣᠷᠢᠭ᠂ ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠴᠢᠩᠭ᠎ᠠ ᠵᠣᠷᠢᠭ ᠢᠶᠠᠷ ᠡᠳ᠋ ᠤᠨ ᠵᠠᠰᠠᠭ ᠤᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ︔ ᠬᠤᠷᠢᠭ᠎ᠠ ᠱᠤᠭᠤᠮ ᠤᠨ ᠰᠡᠳᠬᠢᠬᠦᠢ᠂ ᠤᠯᠠᠭᠠᠨ ᠱᠤᠭᠤᠮ ᠤᠨ ᠤᠬᠠᠮᠰᠠᠷ ᠢ ᠢᠮᠠᠭᠲᠠ ᠪᠠᠲᠤ ᠰᠠᠬᠢᠵᠤ᠂ ᠠᠶᠤᠯ ᠲᠦᠭᠰᠢᠭᠦᠷᠢ ᠶᠢ ᠠᠷᠭᠠᠴᠠᠭᠠᠬᠤ ᠤᠷᠢᠳᠴᠢᠯᠠᠨ ᠮᠡᠳᠡᠬᠦ ᠴᠢᠨᠠᠷ᠂ ᠰᠢᠰᠲ᠋ᠧᠮᠲᠦ ᠴᠢᠨᠠᠷ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠥᠷᠢ ᠥᠭᠴᠡᠭᠡᠨ ᠤ ᠠᠶᠤᠯ ᠲᠦᠭᠰᠢᠭᠦᠷᠢ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠥᠷᠢ ᠥᠭᠴᠡᠭᠡᠨ ᠤ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠭᠠᠷᠬᠤ ᠪᠠᠷ ᠴᠢᠷᠮᠠᠶᠢᠬᠤ ᠬᠡᠷᠡᠭᠲᠡᠢ︔ ᠢᠮᠠᠭᠲᠠ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠠᠤᠯᠢᠵᠢᠭᠤᠯᠬᠤ᠂ ᠵᠢᠷᠤᠮᠵᠢᠭᠤᠯᠬᠤ ᠶᠢ ᠳᠡᠭᠡᠭᠰᠢᠯᠡᠭᠦᠯᠬᠦ ᠬᠡᠷᠡᠭᠲᠡᠢ᠃ 》
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号