ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 104 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/8
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 104 ᠳ᠋ᠦᠭᠡᠷ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 2022 ᠣᠨ ᠤ ᠰᠢᠨ᠎ᠡ ᠵᠢᠯ ᠤᠨ ᠪᠠᠶᠠᠷ ᠤᠨ ᠦᠭᠡ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠳᠤ ᠰᠢᠨ᠎ᠡ ᠵᠢᠯ ᠤᠨ ᠴᠠᠶᠢᠯᠠᠯᠭ᠎ᠠ ᠬᠢᠬᠦ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠᠷ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠬᠠᠮᠲᠤ ᠣᠷᠣᠰᠢᠬᠤ ᠶᠢ ᠪᠥᠬᠦ ᠲᠠᠯ᠎ᠠ ᠪᠠᠷ ᠠᠬᠢᠭᠤᠯᠬᠤ ᠣᠳᠣᠬᠢᠴᠢᠯᠠᠯᠲᠠ︾᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ︿ᠬᠤᠶᠠᠷ ᠢ ᠬᠢᠨᠠᠨ ᠪᠠᠶᠢᠴᠠᠭᠠᠬᠤ﹀ ᠬᠠᠷᠢᠭᠤᠴᠠᠯᠭ᠎ᠠ ᠨᠡᠬᠡᠮᠵᠢᠯᠡᠬᠦ ᠳᠦᠷᠢᠮ ︵ᠬᠦᠷᠭᠡᠨ ᠬᠢᠨᠠᠭᠤᠯᠬᠤ ᠨᠣᠤᠷᠠᠭ︶︾ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠪᠤᠳᠠᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠦᠵᠡᠰᠬᠦᠯᠡᠩᠲᠦ ᠰᠠᠶᠢᠬᠠᠨ ᠦᠬᠠᠢ ᠶᠢᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠳᠤᠮᠳᠠ ᠠᠬᠢᠭᠤᠯᠬᠤ ᠬᠡᠷᠡᠭᠲᠡᠢ︔ ᠬᠤᠳᠠ ᠶᠢᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ ᠶᠢ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤ ᠠᠭᠤᠰᠤᠯᠴᠠᠭᠤᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠳᠤ ᠰᠢᠨ᠎ᠡ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ︔ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠵᠦ᠂ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠳᠠᠮᠵᠢᠭᠤᠯᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠤ ᠬᠡᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号