ᠬᠠᠶᠢᠷᠤᠪ ᠤᠨ ᠲᠤᠬᠤᠢ ᠲᠣᠭᠤᠷᠢᠭ ᠡᠷᠴᠢ ᠵᠣᠷᠢᠭ ᠢᠶᠠᠨ ᠬᠥᠪᠴᠢᠯᠡᠵᠦ ᠰᠢᠨ᠎ᠡ ᠪᠠᠶᠢᠳᠠᠯ ᠢ ᠨᠡᠭᠡᠭᠡᠪᠡ
ᠨᠡᠶᠢᠲᠡᠯᠡᠭᠰᠡᠨ ᠴᠠᠭ᠄
2024/1/8
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ᠪᠥᠬᠦ ᠣᠷᠣᠨ ᠤ ᠡᠳ᠋ ᠤᠨ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠬᠡᠯᠪᠡᠷᠢ ᠶᠢᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠣᠨᠣᠪᠴᠢᠲᠠᠶ ᠡᠵᠡᠮᠰᠢᠯ ᠢ ᠭᠦᠨᠵᠡᠭᠡᠶ ᠣᠶᠢᠯᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠵᠤ᠂ ᠰᠢᠨ᠎ᠡ ᠵᠢᠯ ᠤᠨ ᠡᠬᠢᠨ ᠳᠤ᠂ ᠬᠠᠶᠢᠷᠤᠪ ᠤᠨ ᠲᠣᠬᠤᠶ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠥᠬᠦ ᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠭᠠᠶᠢᠯᠢ ᠲᠠᠲᠠᠪᠤᠷᠢ ᠶᠢᠨ ᠲᠣᠬᠢᠷᠠᠭᠤᠯᠤᠯᠲᠠ ᠶᠢᠨ ᠬᠤᠷᠠᠯ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠭᠠᠶᠢᠯᠢ ᠲᠠᠲᠠᠪᠤᠷᠢ ᠶᠢᠨ ᠣᠷᠣᠯᠭ᠎ᠠ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠪᠦᠬᠦ ᠵᠢᠯ ᠤᠨ ᠡᠳ᠋ ᠤᠨ ᠵᠠᠰᠠᠭ ᠤᠨ ᠣᠷᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠣᠷᠣᠯᠭ᠎ᠠ ᠶᠢᠨ ᠬᠠᠷᠠᠯᠲᠠᠲᠤ ᠬᠠᠮᠢᠶᠠᠷᠤᠯᠲᠠ ᠶᠢ ᠬᠡᠷᠡᠭᠵᠢᠭᠦᠯᠦᠨ᠂ ᠣᠷᠣᠯᠭ᠎ᠠ ᠶᠢᠨ ᠬᠠᠷᠠᠯᠲᠠ ᠶᠢ ᠡᠯ᠎ᠡ ᠲᠠᠲᠠᠪᠤᠷᠢᠯᠠᠬᠤ ᠰᠠᠯᠠᠭ᠎ᠠ ᠮᠥᠴᠢᠷ ᠲᠤ ᠡᠷᠲᠡᠬᠡᠨ ᠵᠠᠳᠠᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠶᠢᠯᠢ ᠶᠢᠨ ᠢᠷᠡᠯᠲᠡ ᠶᠢᠨ ᠲᠠᠲᠠᠪᠤᠷᠢᠯᠠᠨ ᠬᠠᠮᠢᠶᠠᠷᠬᠤ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠡᠳᠦᠭᠡᠷ ᠰᠠᠷ᠎ᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠭᠠᠶᠢᠯᠢ ᠶᠢᠨ ᠢᠷᠡᠯᠲᠡ ᠶᠢᠨ ᠰᠢᠨ᠎ᠡ ᠨᠡᠮᠡᠭᠳᠡᠯ ᠤᠨ ᠴᠢᠭ ᠢ ᠴᠢᠷᠮᠠᠶᠢᠨ ᠪᠤᠶᠢᠵᠢᠭᠤᠯᠬᠤ ᠪᠠ ᠠᠭᠤᠳᠠᠯᠠᠵᠤ᠂ ᠦᠷᠭᠦᠯᠵᠢᠯᠡᠨ ᠭᠠᠶᠢᠯᠢ ᠲᠠᠲᠠᠪᠤᠷᠢ ᠪᠠᠷ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠳᠠᠶᠢᠴᠢᠯᠠᠬᠤ ᠪᠠᠷ ᠳᠠᠮᠵᠢᠨ᠂ ᠲᠠᠰᠤᠷᠠᠯᠲᠠ ᠤᠢᠭᠡᠢ ᠪᠤᠵᠠᠭᠠᠶᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠤᠯᠠᠷᠢᠯ ᠢᠶᠠᠷ ᠮᠡᠳᠡᠭᠦᠯᠬᠦ ᠶᠢ ᠰᠠᠷ᠎ᠠ ᠪᠦᠷᠢ ᠮᠡᠳᠡᠭᠦᠯᠬᠦ ᠪᠣᠯᠭᠠᠨ ᠥᠭᠡᠷᠡᠴᠢᠯᠡᠵᠦ᠂ ᠭᠠᠶᠢᠯᠢ ᠲᠠᠲᠠᠪᠤᠷᠢ ᠶᠢ ᠲᠡᠩᠴᠡᠭᠦᠷᠢᠲᠡᠶ ᠬᠥᠮᠥᠷᠭᠡᠯᠡᠵᠦ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃    ᠨᠠᠶᠢᠳᠠᠪᠤᠷᠢᠵᠢᠭᠤᠯᠤᠭᠰᠠᠨ ᠦᠷ᠎ᠡ ᠳ᠋ᠦᠩ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢᠨ ᠨᠡᠮᠡᠭᠳᠡᠯ ᠤᠨ ᠴᠡᠭ ᠢ ᠠᠭᠤᠳᠠᠯᠤᠨ᠎ᠠ᠃ ᠭᠦᠢᠴᠡᠳᠭᠡᠨ ᠬᠤᠷᠢᠶᠠᠬᠤ ᠨᠢᠭᠡᠴᠡ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠷᠢᠯᠴᠠᠭ᠎ᠠ ᠪᠠᠨ ᠴᠢᠩᠭᠠᠳᠬᠠᠵᠤ᠂ ᠭᠠᠶᠢᠯᠢ ᠲᠠᠲᠠᠪᠤᠷᠢᠯᠠᠬᠤ ᠪᠠ ᠳᠡᠭᠡᠭᠰᠢ ᠲᠤᠰᠢᠶᠠᠬᠤ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠭᠦᠢᠴᠡᠳᠭᠡᠨ ᠬᠤᠷᠢᠶᠠᠬᠤ ᠨᠢᠭᠡᠴᠡ ᠶᠢ ᠰᠢᠮᠳᠠᠭᠤᠯᠵᠤ ᠪᠠᠶᠢᠭᠠᠳ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠳᠡᠭᠡᠭᠰᠢ ᠲᠤᠰᠢᠶᠠᠯᠭᠠᠨ᠎ᠠ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠲᠦᠷᠢᠶᠡᠰᠦᠯᠡᠭᠦᠯᠵᠦ ᠵᠢᠭᠡᠯᠡᠭᠦᠯᠦᠭᠰᠡᠨ ᠣᠷᠣᠯᠭ᠎ᠠ ᠶᠢ ᠲᠠᠲᠠᠪᠤᠷᠢᠯᠠᠨ ᠲᠤᠰᠢᠶᠠᠬᠤ ᠶᠢ ᠴᠢᠩᠭᠠᠳᠬᠠᠵᠤ᠂ ᠡᠯ᠎ᠡ ᠨᠢᠭᠡᠴᠡ ᠶᠢ ᠰᠢᠮᠳᠠᠭᠤᠯᠵᠤ ᠪᠠᠶᠢᠭᠠᠳ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠲᠦᠷᠢᠶᠡᠰᠦᠯᠡᠭᠦᠯᠵᠦ ᠵᠢᠭᠡᠯᠡᠭᠦᠯᠦᠭᠰᠡᠨ ᠣᠷᠣᠯᠭ᠎ᠠ ᠶᠢ ᠴᠠᠭ ᠲᠤᠬᠠᠢ ᠳᠤᠨᠢ ᠳᠡᠭᠡᠭᠰᠢ ᠲᠤᠰᠢᠶᠠᠬᠤ ᠬᠡᠷᠡᠭᠲᠡᠢ᠃    ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠡᠪᠴᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠵᠠᠷᠴᠢᠮ ᠳᠡᠭᠡᠷ᠎ᠡ ᠪᠠᠨ ᠠᠷᠠᠳ ᠤᠨ ᠠᠮᠢᠳᠤᠷᠠᠯ ᠤᠨ ᠴᠢᠬᠤᠯᠠ ᠪᠦᠬᠦᠢ ᠲᠦᠷᠦᠯ ᠵᠦᠢᠯ ᠠᠴᠠ ᠭᠠᠳᠠᠨ᠎ᠠ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶ᠎ᠡ ᠶᠢ ᠳᠠᠬᠢᠵᠤ ᠨᠡᠮᠡᠭᠳᠡᠭᠦᠯᠬᠦ ᠦᠭᠡᠢ᠃ ᠥᠷᠢ ᠥᠭᠴᠡᠭᠡᠨ ᠤ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠰᠠᠶᠢᠲᠤᠷ ᠨᠢᠭᠡᠳᠦᠯᠲᠡᠶ ᠲᠥᠯᠥᠪᠯᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠠᠭᠠᠰᠬᠠᠬᠤ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠲᠥᠰᠦᠪ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ᠂ ᠡᠯ᠎ᠡ ᠲᠥᠷᠥᠯ ᠤᠨ ᠡᠳ᠋ ᠬᠥᠷᠥᠩᠭᠡ ᠶᠢ ᠵᠦᠶ ᠵᠣᠬᠢᠰᠲᠠᠶ ᠰᠢᠢᠳᠪᠦᠷᠢᠯᠡᠬᠦ᠂ ᠬᠢᠨᠠᠨ ᠬᠠᠰᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠪᠥᠬᠦ ᠬᠦᠴᠦᠨ ᠢᠶᠠᠷ ᠢᠶᠠᠨ ᠠᠷᠢᠯᠭᠠᠨ᠎ᠠ᠃ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠨᠠᠨ ᠪᠤᠳᠤᠬᠤ ᠲᠣᠪᠴᠢᠶ᠎ᠠ᠂ ᠬᠡᠷ ᠬᠥᠷᠥᠩᠭᠡ ᠪᠠ ᠠᠳᠠᠯ ᠠᠬᠤᠶ ᠶᠢᠨ ᠦᠢᠯᠡᠴᠢᠯᠡᠭᠡᠨ ᠤ ᠲᠥᠪ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠲᠠᠢ PPP ᠲᠥᠷᠥᠯ ᠵᠦᠢᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠴᠢᠭᠯᠡᠯ ᠪᠠ ᠭᠤᠤᠯᠳᠠᠯᠭ᠎ᠠ ᠲᠠᠢ ᠠᠵᠢᠯ ᠤᠨ ᠠᠭᠤᠯᠭ᠎ᠠ ᠶᠢ ᠲᠣᠭᠲᠠᠭᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号