ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/9
    1 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠰᠦᠨ ᠬᠤᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠳᠡᠭᠡᠷ᠎ᠡ ᠡᠷᠡᠰ ᠨᠢᠭᠡᠳᠬᠡᠵᠦ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ᠢᠮᠠᠭᠲᠠ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ︔ ᠨᠠᠮ ᠤᠨ ᠳᠣᠲᠣᠭᠠᠳᠤ ᠶᠢᠨ ᠠᠷᠠᠳᠴᠢᠯᠠᠯ ᠪᠠ ᠪᠦᠬᠦ ᠨᠠᠮ ᠤᠨ ᠤᠶᠤᠨ ᠤᠬᠠᠭᠠᠨ ᠢ ᠪᠠᠳᠠᠷᠠᠭᠤᠯᠬᠤ ᠶᠢ ᠤᠶᠠᠯᠳᠤᠭᠤᠯᠵᠤ᠂ ᠪᠣᠳᠠᠲᠠᠢ ᠠᠵᠢᠯ ᠤᠨ ᠳᠤᠮᠳᠠ ᠦᠨᠳᠦᠰᠦᠨ ᠱᠠᠲᠤᠨ ᠤ ᠤᠯᠠᠨ ᠲᠦᠮᠡᠨ ᠤ ᠰᠠᠨᠠᠯ ᠢ ᠰᠣᠨᠣᠰᠴᠤ᠂ ᠠᠮᠤᠷ ᠲᠦᠪᠰᠢᠨ ᠪᠠᠶᠢᠬᠤ ᠦᠶ᠎ᠡ ᠳᠤ ᠠᠶᠤᠯ ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠮᠡᠳᠡᠬᠦ ᠴᠢᠨᠠᠷ ᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠠᠪᠤᠴᠠ ᠳᠤ ᠲᠡᠷᠢᠭᠦᠨ ᠤ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠲᠠᠰᠤᠷᠠᠯᠲᠠ ᠦᠭᠡᠢ ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ ᠤᠯᠬᠤ ᠶᠢ ᠡᠰᠡᠷᠭᠦᠴᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠱᠠᠲᠤᠨ ᠤ ᠠᠵᠢᠯ ᠳᠤ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠤ ᠳᠤᠮᠳᠠ ᠣᠴᠢᠵᠤ᠂ ᠤᠯᠠᠨ ᠲᠦᠮᠡᠨ ᠤ ᠤᠬᠠᠮᠰᠠᠷ ᠢ ᠪᠠᠲᠤᠳᠬᠠᠪᠠᠯ ᠰᠠᠶ᠋ᠢ ᠤᠯᠠᠨ ᠲᠦᠮᠡᠨ ᠠᠴᠠ ᠰᠠᠯᠵᠤ ᠴᠢᠳᠠᠬᠤ ᠦᠭᠡᠢ︔ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ ᠪᠠᠲᠤ ᠴᠢᠩᠭ᠎ᠠ ᠰᠠᠬᠢᠯᠭ᠎ᠠ ᠪᠠᠲᠤ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ‌‍ᠭᠡᠵᠤ ᠬᠡᠯᠡᠪᠡ᠃    ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠯᠪᠣᠭ᠎ᠠ ᠠᠪᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᡁᠢ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号