ᠫᠠᠶᠢᠰᠠ ᠪᠠᠨ ᠰᠡᠬᠦᠪᠡ︕ ︽ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠭᠡᠷ ︾ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/10/12
    10 ᠰᠠᠷ᠎ᠠ ᠶᠢᠨ 10 ᠎ ᠤ ᠡᠳᠦᠷ᠂ ︽ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠭᠡᠷ︾᠎ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠮᠦ ᠵᠢᠶᠠᠨ ᠭᠦᠸᠧ᠂ ᠬᠤᠳᠠ᠂ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠯ᠎ᠡ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ᠂ ᠭᠡᠰᠢᠭᠦᠳ ᠤᠨ ᠲᠥᠯᠥᠭᠡᠯᠡᠭᠴᠢ᠂ ᠦᠬᠠᠢ ᠬᠤᠳᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠳᠬ᠎ᠠ ᠤᠷᠠᠯᠢᠭ ᠤᠨ ᠪᠠᠭ᠋ᠠᠲᠠᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ ᠡᠨᠡ ᠬᠦ ᠠᠵᠢᠯᠯᠠᠭ᠎ᠠ ᠨᠢ ᠤᠳᠬ᠎ᠠ ᠤᠷᠠᠯᠢᠭ ᠤᠨ ᠬᠢᠨ ᠤ ᠪᠠᠶᠠᠷ ᠤᠨ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠤᠨ ᠬᠥᠭᠵᠢᠯᠲᠡ ᠶᠢᠨ ᠴᠢᠬᠤᠯᠠ ᠬᠥᠰᠢᠶ᠎ᠡ ᠲᠡᠮᠳᠡᠭ ᠪᠣᠯᠬᠤ ᠶᠤᠮ᠂ ᠲᠤᠰ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠨᠢ ᠴᠦ ᠬᠠᠶᠢᠷᠤᠪ ᠤᠨ ᠲᠣᠬᠤᠢ ᠲᠣᠭᠤᠷᠢᠭ ᠤᠨ ᠤᠮᠠᠷᠠᠲᠤ ᠬᠢᠯᠢ ᠶᠢᠨ ᠰᠣᠶᠣᠯ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠪᠣᠯᠣᠨ᠎ᠠ᠃  
640.jpg
640 (2).jpg   
    ᠦᠬᠠᠢ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠷᠢᠨ ᠨᠢᠮᠪᠠᠢ ᠵᠢᠯᠣᠭᠤᠳᠤᠯᠭ᠎ᠠ ᠪᠣᠯᠣᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠦᠴᠦᠲᠡᠢ ᠳᠡᠮᠵᠢᠯᠭᠡ ᠳᠣᠣᠷ᠎ᠠ᠂ ᠬᠠᠶᠢᠷᠤᠪ ᠤᠨ ᠲᠣᠬᠤᠢ ᠶᠢᠨ ᠤᠳᠬ᠎ᠠ ᠤᠷᠠᠯᠢᠭᠴᠢᠳ ᠤᠨ ᠭᠡᠷ ᠪᠦᠯᠢ ᠵᠢᠩᠬᠢᠨᠢ ᠪᠠᠷ ᠪᠠᠶᠢᠭᠤᠯᠤᠭᠳᠠᠪᠠ᠃ ᠠᠯᠪᠠᠯᠠᠬᠤ᠂ ᠭᠡᠰᠢᠭᠦᠳ ᠲᠤ ᠦᠢᠯᠡᠴᠢᠯᠡᠬᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ᠂ ᠭᠠᠳᠠᠭᠠᠳᠤ ᠲᠠᠢ ᠰᠣᠯᠢᠯᠴᠠᠭ᠎ᠠ ᠬᠢᠬᠦ᠂ ᠳᠡᠯᠭᠡᠨ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ᠡᠨᠡᠬᠦ ᠰᠣᠶᠣᠯ ᠤᠨ ᠲᠠᠯᠠᠪᠤᠷ ᠨᠢ ᠬᠠᠶᠢᠷᠤᠪ ᠤᠨ ᠲᠤᠬᠤᠢ ᠶᠢᠨ ᠤᠳᠬ᠎ᠠ ᠤᠷᠠᠯᠢᠭᠴᠢᠳ ᠤᠨ ︽ᠭᠡᠷ︾ ᠪᠣᠯᠬᠤ ᠪᠥᠭᠡᠳ ᠪᠠᠰᠠ ᠴᠤ ᠥᠷᠭᠡᠨ ᠣᠯᠠᠨ ᠬᠤᠲᠠ ᠶᠢᠨ ᠠᠷᠠᠳ ᠤᠨ ᠨᠡᠶᠢᠲᠡ ᠶᠢᠨ ᠠᠰᠠᠷᠠᠮᠵᠢ ᠶᠢᠨ ᠰᠣᠶᠣᠯ ᠢ ᠡᠳ᠋ᠯᠡᠬᠦ ᠰᠢᠨ᠎ᠡ ᠲᠠᠯᠠᠪᠤᠷ ᠪᠣᠯᠬᠤ ᠪᠣᠯᠣᠨ᠎ᠠ᠃ 
640 (3).jpg
640 (4).jpg
640 (5).jpg
640 (6).jpg
   ᠫᠠᠶᠢᠰᠠ ᠰᠡᠬᠦᠬᠦ ᠶᠣᠰᠣᠯᠠᠯ ᠳᠡᠭᠡᠷ᠎ᠡ᠂ ᠦᠬᠠᠢ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠦᠨ ᠯᠧ ᠪᠣᠯᠣᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠶᠠᠩ ᠴᠢᠩ ᠬᠠᠮᠲᠤ ᠪᠠᠷ︽ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠭᠡᠷ︾᠎ ᠤᠨ ᠫᠠᠶᠢᠰᠠ ᠶᠢ ᠰᠡᠬᠦᠪᠡ᠃  ᠡᠨᠡ ᠨᠢ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠭᠡᠷ ᠪᠦᠯᠢ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠬᠤ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠰᠢᠨ᠎ᠡ ᠠᠯᠬᠤᠮ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃    ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠶᠣᠰᠣᠯᠠᠯ ᠳᠤ ᠣᠷᠣᠯᠴᠠᠭᠰᠠᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠣᠨ ᠬᠦᠨᠳᠦᠲᠦ ᠵᠣᠴᠢᠳ ᠬᠠᠮᠲᠤ ᠪᠠᠷ ᠤᠳᠬ᠎ᠠ ᠤᠷᠠᠯᠢᠭᠴᠢᠳ ᠤᠨ ᠭᠡᠷ ᠢᠶᠠᠷ ᠲᠣᠭᠤᠷᠢᠨ ᠦᠵᠡᠪᠡ᠃ ᠠᠳᠡ ᠲᠡᠳᠡ ᠰᠢ ᠵᠦᠴᠦᠭᠡ᠂ ᠤᠷᠠᠨ ᠪᠢᠴᠢᠯᠭᠡ᠂ ᠤᠷᠠᠨ ᠤᠩᠰᠢᠯᠭ᠎ᠠ ᠪᠠ ᠤᠷᠠᠨ ᠵᠢᠷᠤᠭ ᠵᠡᠷᠭᠡ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠠᠵᠢᠯᠯᠠᠭ᠎ᠠ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ ᠪᠠᠶᠢᠨ᠎ᠠ᠃ ᠰᠢ ᠵᠦᠴᠦᠭᠡ ᠶᠢᠨ ᠲᠣᠭᠤᠷᠢᠭ ᠲᠤ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠨᠢᠵᠢᠭᠢᠨᠡᠲᠡᠯ᠎ᠡ ᠠᠯᠠᠭ᠎ᠠ ᠲᠡᠰᠢᠯᠲᠡ ᠶᠢ ᠣᠯᠵᠤ᠂ ᠠᠮᠢᠳᠤᠯᠢᠭ ᠰᠠᠶᠢᠬᠠᠨ ᠮᠥᠴᠢ ᠶᠢᠨ ᠦᠭᠡ ᠬᠡᠯᠡ ᠪᠠ ᠪᠠᠶᠠᠯᠢᠭ ᠰᠠᠶᠢᠬᠠᠨ ᠰᠡᠳᠬᠢᠯᠭᠡ ᠶᠢᠨ ᠢᠯᠡᠷᠡᠯ ᠢᠶᠠᠷ ᠰᠢ ᠵᠦᠴᠦᠭᠡ ᠶᠢᠨ ᠤᠷᠠᠯᠢᠭ ᠤᠨ ᠷᠢᠳᠢ ᠰᠢᠳᠢ ᠶᠢ ᠢᠯᠡᠷᠡᠭᠦᠯᠦᠭᠰᠡᠨ ᠪᠠᠶᠢᠨ᠎ᠠ ᡽ ᠤᠷᠠᠨ ᠪᠢᠴᠢᠯᠭᠡ ᠎ ᠶᠢᠨ ᠲᠣᠭᠤᠷᠢᠭ ᠲᠤ ᠪᠡᠭᠡ ᠶᠢᠨ ᠦᠨᠦᠷ ᠬᠠᠩᠬᠤᠯᠵᠤ᠂ ᠤᠷᠠᠨ ᠪᠢᠴᠢᠯᠭᠡᠲᠡᠨ ᠨᠠᠷ ᠪᠢᠷ ᠪᠡᠭᠡ ᠪᠠᠷ ᠪᠢᠯᠬᠠᠨ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠥᠷᠭᠡᠨ ᠳᠡᠯᠭᠡᠷ ᠭᠦᠨ ᠭᠦᠨᠵᠡᠭᠡᠢ ᠤᠳᠬ᠎ᠠ ᠠᠭᠤᠯᠭ᠎ᠠ ᠶᠢ ᠳᠡᠯᠭᠡᠨ ᠦᠵᠡᠭᠦᠯᠵᠡᠢ᠃ ᠤᠷᠠᠨ ᠤᠩᠰᠢᠯᠭ᠎ᠠ ᠶᠢᠨ ᠲᠣᠭᠤᠷᠢᠭ ᠤᠨ ᠤᠷᠠᠯᠢᠭᠴᠢᠳ ᠳᠦᠭᠦᠷᠡᠩ ᠰᠡᠳᠬᠢᠯᠭᠡ ᠪᠠ ᠢᠷᠠᠭᠤ ᠰᠠᠶᠢᠬᠠᠨ ᠦᠭᠡ ᠬᠡᠯᠡ ᠪᠠᠷ ᠦᠰᠦᠭ ᠪᠢᠴᠢᠭ ᠢ ᠳᠠᠭᠤᠨ ᠤ ᠤᠷᠠᠯᠢᠭ ᠪᠣᠯᠭᠠᠨ ᠬᠤᠪᠢᠷᠠᠭᠤᠯᠳᠠᠭ᠃ ᠵᠢᠷᠤᠭ ᠤᠨ ᠲᠣᠭᠤᠷᠢᠭ ᠲᠤ ᠵᠢᠷᠤᠭᠴᠢᠳ ᠵᠢᠷᠤᠭ ᠤᠨ ᠪᠢᠷ ᠢᠶᠠᠷ ᠢᠶᠠᠨ ᠠᠮᠢᠳᠤᠯᠢᠭ ᠰᠠᠶᠢᠬᠠᠨ ᠵᠢᠷᠤᠭ ᠤᠳ ᠢ ᠵᠢᠷᠤᠭᠯᠠᠨ ᠭᠠᠷᠭᠠᠵᠤ᠂ ᠵᠢᠷᠤᠭ ᠤᠨ ᠤᠷᠠᠯᠢᠭ ᠤᠨ ᠬᠢᠵᠠᠭᠠᠯᠠᠰᠢ ᠦᠭᠡᠢ ᠪᠣᠯᠣᠮᠵᠢ ᠶᠢ ᠳᠡᠯᠭᠡᠨ ᠦᠵᠡᠭᠦᠯᠵᠦ᠂ ᠡᠲᠡᠭᠡᠷ ᠤᠳᠬ᠎ᠠ ᠤᠷᠠᠯᠢᠭ ᠤᠨ ᠠᠵᠢᠯᠯᠠᠭ᠎ᠠ ᠨᠢ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭᠴᠢᠳ ᠤᠨ ᠣᠯᠠᠨ ᠡᠰᠢᠲᠦ ᠴᠢᠳᠠᠮᠵᠢ ᠶᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠤᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠴᠦ ᠢᠯᠡᠷᠡᠭᠦᠯᠦᠭᠰᠡᠨ ᠪᠠᠶᠢᠨ᠎ᠠ᠃    ᠬᠠᠶᠢᠷᠤᠪ ᠤᠨ ᠲᠣᠬᠤᠢ ᠲᠣᠭᠤᠷᠢᠭ ᠤᠨ ᠤᠮᠠᠷᠠᠲᠤ ᠬᠢᠯᠢ ᠶᠢᠨ ᠰᠣᠶᠣᠯ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠪᠣᠯᠤᠭᠰᠠᠨ ᠤ ᠬᠤᠪᠢ ᠳᠤ᠂ ᠤᠳᠬ᠎ᠠ ᠤᠷᠠᠯᠢᠭᠴᠢᠳ ᠤᠨ ᠭᠡᠷ ᠪᠦᠯᠢ ᠶᠢᠨ ᠪᠠᠶᠢᠭᠤᠯᠤᠭᠳᠠᠭᠰᠠᠨ ᠨᠢ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭᠴᠢᠳ ᠡᠴᠦᠰ ᠲᠡᠭᠡᠨ ᠥᠪᠡᠷ ᠤᠨ ᠢᠶᠠᠨ ︽ᠭᠡᠷ︾᠎ ᠲᠠᠢ ᠪᠣᠯᠤᠭᠰᠠᠨ ᠢ ᠬᠠᠷᠠᠭᠤᠯᠵᠤ᠂ ᠤᠳᠬ᠎ᠠ ᠤᠷᠠᠯᠢᠭᠴᠢᠳ ᠪᠠ ᠪᠠᠭ᠋ᠠᠷᠬᠠᠭᠴᠢᠳ ᠲᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠣᠷᠣᠨ ᠵᠠᠢ ᠬᠠᠩᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠪᠣᠯᠣᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠬᠢᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠭᠠᠵᠠᠷ ᠣᠷᠣᠨ ᠤ ᠰᠣᠶᠣᠯ ᠳᠤ ᠦᠷᠭᠦᠯᠵᠢᠯᠡᠨ ᠦᠨᠳᠦᠰᠦᠯᠡᠵᠦ᠂ ᠤᠳᠬ᠎ᠠ ᠤᠷᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号