ᠬᠠᠶᠢᠷᠤᠪ ᠤᠨ ᠲᠤᠬᠤᠢ ᠶᠢᠨ ᠪᠠᠰᠠ ᠨᠢᠭᠡᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠣᠯ ᠴᠣᠭᠴᠠᠲᠤ ᠪᠠᠷᠢᠯᠭ᠎ᠠ ᠨᠢ ᠨᠢᠭᠡᠨᠲᠡ ᠠᠩᠬᠠᠨ ᠤ ᠳᠦᠷᠰᠦ ᠪᠠᠶᠢᠳᠠᠯ ᠲᠠᠢ ᠪᠣᠯᠪᠠ
ᠨᠡᠶᠢᠲᠡᠯᠡᠭᠰᠡᠨ ᠴᠠᠭ᠄
2024/10/12
    ᠣᠶᠢᠷ᠎ᠠ ᠳᠤ᠂ ᠰᠤᠷᠪᠤᠯᠵᠢᠯᠠᠭᠴᠢ ᠴᠢᠩ ᠲᠤᠸ ᠡᠨᠧᠷᠭᠢ ᠶᠢᠨ ᠰᠤᠷᠪᠤᠯᠵᠢ ᠶᠢᠨ ᠦᠬᠠᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠳᠤ ᠳᠠᠬᠢᠨᠲᠠ ᠬᠦᠷᠴᠦ ᠢᠷᠡᠬᠦ ᠦᠶ᠎ᠡ ᠳᠤ᠂ ᠳᠥᠷᠪᠡᠨ ᠰᠠᠷ᠎ᠠ ᠶᠢᠨ ᠡᠮᠦᠨᠡᠬᠢ ᠲᠠᠢ ᠬᠠᠷᠢᠴᠠᠭᠤᠯᠪᠠᠯ᠂  ᠶᠡᠭᠡ ᠬᠤᠪᠢᠷᠠᠯᠲᠠ ᠭᠠᠷᠴᠠᠢ᠃
640.jpg   
    ᠠᠩᠬ᠎ᠠ ᠤᠳᠠᠭ᠎ᠠ ᠲᠤᠰ ᠭᠠᠵᠠᠷ ᠲᠤ ᠬᠦᠷᠬᠦ ᠦᠶ᠎ᠡ ᠳᠤ᠂ ᠲᠦᠷᠦᠯ ᠵᠦᠢᠯ ᠨᠢ ᠬᠠᠷᠠᠬᠠᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠱᠠᠲᠤᠨ ᠳᠠᠭᠠᠨ ᠪᠠᠶᠢᠵᠤ᠂ ᠮᠠᠰᠢᠨ ᠲᠥᠬᠦᠭᠡᠷᠦᠮᠵᠢ᠂ ᠪᠠᠷᠢᠯᠭ᠎ᠠ ᠶᠢᠨ ᠠᠵᠢᠯᠲᠠᠨ ᠰᠠᠶ᠋ᠢᠬᠠᠨ ᠠᠵᠢᠯ ᠤᠨ ᠪᠠᠶᠢᠷᠢ ᠳᠤ ᠣᠷᠣᠵᠤ ᠪᠠᠷᠢᠯᠭ᠎ᠠ ᠪᠠᠷᠢᠵᠤ᠂ ᠲᠦᠷᠪᠡᠨ ᠲᠠᠯ᠎ᠠ ᠪᠠᠷ ᠢᠶᠠᠨ ᠮᠥᠨ ᠯᠡ ᠠᠲᠠᠷᠰᠢᠪᠠ᠃ ᠣᠳᠣᠬᠠᠨ ᠳᠤ᠂ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠳᠠᠬᠢᠨᠲᠠ ᠣᠷᠣᠯᠴᠠᠵᠤ᠂ ᠡᠯ᠎ᠡ ᠭᠤᠣᠯ ᠴᠣᠭᠴᠠᠲᠤ ᠪᠠᠷᠢᠯᠭ᠎ᠠ ᠨᠢ ᠨᠢᠭᠡᠨᠲᠡ ᠠᠩᠬᠠᠨ ᠤ ᠳᠦᠷᠰᠦ ᠪᠠᠶᠢᠳᠠᠯ ᠲᠠᠢ ᠪᠣᠯᠤᠭᠰᠠᠨ ᠢ ᠣᠯᠵᠤ ᠬᠠᠷᠠᠵᠠᠢ᠃
640 (1).jpg
640 (4).jpg
640 (5).jpg
640 (2).jpg
    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠢ ᠨᠤᠷᠠᠭᠠᠵᠤ ᠳᠠᠭᠤᠰᠤᠭᠰᠠᠨ ᠤ ᠳᠠᠷᠠᠭ᠎ᠠ᠂ ᠲᠥᠷᠥᠯ ᠵᠦᠢᠯ ᠢ ᠱᠠᠯᠠᠪᠳᠠᠨ ᠠᠬᠢᠭᠤᠯᠵᠤ᠂ ᠪᠠᠴᠢᠮ ᠶᠠᠭᠠᠷᠠᠯᠲᠠᠢ ᠪᠠᠷᠢᠯᠭ᠎ᠠ ᠪᠠᠷᠢᠬᠤ᠂ ᠪᠣᠶ ᠪᠦᠬᠦᠢ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ᠂ ᠦᠢᠯᠡᠳᠪᠦᠷᠢ ᠶᠢᠨ ᠲᠠᠰᠤᠭ ᠤᠨ ᠰᠠᠭᠤᠷᠢ᠂ ᠰᠠᠭᠤᠷᠢ ᠶᠢᠨ ᠪᠣᠯᠣᠳ ᠪᠦᠲᠦᠴᠡ ᠪᠠ ᠪᠧᠲ᠋ᠤᠨ ᠤ ᠤᠰᠤᠯᠠᠯᠲᠠ ᠶᠢ ᠴᠥᠮ ᠳᠠᠭᠤᠰᠬᠠᠵᠤ᠂ ᠣᠲᠣ ᠶᠠᠭ ᠰᠥᠭᠡᠷᠭᠦ ᠬᠡᠰᠡᠭ ᠠᠴᠠ ᠭᠠᠷᠬᠤ ᠱᠠᠲᠤᠨ ᠳᠤ ᠬᠦᠷᠴᠦ᠂ ᠦᠯᠡᠳᠡᠭᠰᠡᠨ ᠥᠩᠭᠡᠲᠦ ᠪᠣᠯᠣᠳ ᠤᠨ ᠬᠡᠰᠡᠭ ᠢ ᠶᠠᠭ ᠤᠭᠰᠠᠷᠠᠵᠤ ᠪᠠᠶᠢᠨ᠎ᠠ᠃    ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠬᠤ ᠶᠢᠨ ᠲᠥᠯᠥᠭᠡ᠂ ᠪᠠᠷᠢᠯᠭ᠎ᠠ ᠶᠢᠨ ᠭᠠᠵᠠᠷ ᠲᠤ ᠨᠢᠭᠡᠨᠲᠡ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠯᠡᠷᠡᠵᠦ᠂ ᠰᠤᠪᠤᠷᠭᠠᠨ ᠳᠡᠭᠦᠵᠢᠩ ᠰᠡᠬᠦᠶᠢᠨ ᠰᠦᠨᠳᠡᠷᠯᠡᠵᠦ᠂ ᠮᠠᠰᠢᠨ ᠬᠦᠩᠭᠢᠨᠡᠨ ᠱᠤᠤᠭᠢᠵᠤ᠂ ᠠᠵᠢᠯᠴᠢᠳ ᠤᠨ ᠶᠠᠭᠠᠷᠠᠯᠲᠠᠢ ᠪᠠᠷ᠎ᠠ ᠪᠣᠯᠣᠳ ᠰᠢᠷᠪᠦᠰᠦ ᠱᠦᠢᠨᠢ ᠶᠢᠨ ᠳᠤᠮᠳᠠᠭᠤᠷ ᠲᠠᠰᠤᠷᠠᠯᠳᠡ ᠦᠭᠡᠢ ᠰᠦᠯᠵᠢᠯᠳᠦᠵᠦ ᠪᠠᠶᠢᠯ᠎ᠠ᠃    ᠴᠢᠩ ᠲᠤᠤ︵ᠦᠬᠠᠢ︶ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠠᠯᠪᠠᠨ ᠭᠡᠷ ᠤᠨ ᠭᠤᠣᠯ ᠬᠠᠮᠢᠶᠠᠷᠤᠭᠴᠢ ᠵᠢᠶᠠ ᠶᠦᠨ ᠪᠥᠸᠧ᠄ ︽ᠴᠢᠩ ᠲᠤᠤ ᠶᠢᠨ ᠡᠨᠧᠷᠭᠢ ᠶᠢᠨ ᠦᠬᠠᠢ ᠶᠢᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠪᠣᠭᠤᠮᠲᠠ ᠨᠡᠭᠡᠭᠡᠬᠦ ᠦᠷᠳᠡᠭᠡ᠂ ᠭᠤᠣᠯ ᠪᠣᠯᠬᠤ ᠦᠢᠯᠡᠳᠪᠦᠷᠢᠯᠡᠯ ᠤᠨ ᠲᠠᠰᠤᠬ᠂ ᠲᠤᠰᠠᠯᠠᠬᠤ ᠲᠠᠰᠤᠬ᠂ ᠭᠦᠸᠧᠯᠦ ᠶᠢᠨ ᠭᠡᠷ ᠪᠣᠯᠣᠨ ᠳᠤᠮᠳᠠ ᠵᠡᠷᠭᠡ ᠶᠢᠨ ᠲᠤᠷᠰᠢᠯᠲᠠ ᠶᠢᠨ ᠲᠠᠰᠤᠬ ᠵᠡᠷᠭᠡ ᠲᠠᠪᠤᠨ ᠭᠤᠣᠯ ᠪᠠᠷᠢᠯᠭ᠎ᠠ ᠶᠢ ᠪᠠᠭᠲᠠᠭᠠᠵᠤ᠂ ᠠᠬᠢᠴᠠ ᠶᠢᠨ ᠵᠢᠱᠢᠯᠲᠡ ᠪᠠᠷ 70% ᠢ ᠪᠡᠶᠡᠯᠡᠭᠦᠯᠵᠦ᠂ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ︾ ᠭᠡᠵᠦ ᠬᠡᠯᠡᠪᠡ᠃    ᠲᠦᠷᠪᠡᠨ ᠰᠠᠷ᠎ᠠ ᠶᠢᠨ ᠬᠤᠭᠤᠴᠠᠭᠠᠨ ᠳᠤ᠂ ᠴᠢᠩ ᠲᠤᠤ ᠡᠨᠧᠷᠭᠢ ᠶᠢᠨ ᠦᠬᠠᠢ ᠶᠢᠨ ᠲᠦᠷᠦᠯ ᠵᠦᠢᠯ ᠤᠨ ᠠᠬᠢᠴᠠ ᠨᠢᠰᠬᠦ ᠮᠡᠲᠦ ᠲᠦᠷᠭᠡᠨ ᠪᠠᠶᠢᠵᠤ᠂ ᠬᠠᠮᠤᠭ ᠠᠩᠬᠠᠨ ᠤ ᠲᠥᠰᠥᠪ ᠤᠨ ᠲᠥᠯᠦᠪᠵᠢᠭᠦᠯᠭᠡ ᠠᠴᠠ ᠤᠳᠤ ᠶᠢᠨ ᠭᠤᠣᠯ ᠴᠣᠭᠴᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠦᠷᠲᠡᠯ᠎ᠡ᠂ ᠲᠦᠷᠦᠯ ᠵᠦᠢᠯ ᠤᠨ ᠠᠯᠬᠤᠮ ᠪᠦᠷᠢ ᠶᠢᠨ ᠠᠬᠢᠴᠠ ᠨᠢ ᠴᠥᠮ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃   ᠬᠠᠶᠢᠷᠤᠪ ᠤᠨ ᠲᠤᠬᠤᠢ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠬᠤᠨ ᠲᠠᠢ ᠪᠠ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠣᠷᠣᠨ ᠵᠠᠢ ᠶᠢᠨ ᠪᠠᠶᠢᠷᠢᠰᠢᠯ ᠢ ᠪᠣᠶ ᠪᠣᠯᠭᠠᠵᠤ᠂ ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠢᠶᠠᠷ ᠦᠬᠠᠢ ᠬᠤᠲᠠ ᠶᠢᠨ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号