ᠮᠠᠨ ᠤ ᠣᠷᠣᠨ ᠡᠯᠧᠺᠲᠷᠣᠨ ᠭᠦᠳᠡᠯᠮᠦᠷᠢ ᠶᠢᠨ ᠭᠡᠷ᠎ᠡ ᠶᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2024/10/14
    ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠠᠴᠠ ᠨᠠᠭᠠᠰᠢ ᠮᠠᠨ ᠤ ᠣᠷᠣᠨ ᠭᠦᠳᠡᠯᠮᠦᠷᠢ ᠶᠢᠨ ᠭᠡᠷ᠎ᠡ ᠶᠢᠨ ᠪᠦᠭᠦ ᠶᠠᠪᠤᠴᠠ ᠶᠢᠨ ᠡᠯᠧᠺᠲ᠋ᠣᠷᠣᠨᠴᠢᠯᠠᠭᠰᠠᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠡᠯᠧᠺᠳ᠋ᠷᠣᠨ ᠭᠦᠳᠡᠯᠮᠦᠷᠢ ᠶᠢᠨ ᠭᠡᠷ᠎ᠡ ᠶᠢ ᠭᠦᠭᠡᠬᠤᠲᠠ᠂ ᠦᠬᠠᠢ᠂ ᠣᠷᠳᠣᠰ᠂ ᠤᠯᠠᠭᠠᠨᠬᠠᠳᠠ ᠪᠠ ᠲᠦᠩᠯᠢᠶᠣᠣ ᠵᠡᠷᠭᠡ 5 ᠲᠤᠷᠰᠢᠯᠲᠠ ᠶᠢᠨ ᠴᠡᠭ ᠤᠨ ᠠᠶᠢᠮᠠᠭ ᠬᠤᠲᠠ ᠪᠠᠶᠢᠭᠰᠠᠨ ᠠᠴᠠ ᠣᠳᠣᠬᠠᠨ ᠪᠤᠯᠲᠠᠯ᠎ᠠ ᠪᠦᠭᠦ ᠣᠷᠣᠨ ᠳᠤ ᠳᠡᠯᠭᠡᠷᠡᠭᠦᠯᠦᠨ ᠬᠡᠷᠡᠭᠯᠡᠵᠦ᠂ 12 ᠠᠶᠢᠮᠠᠭ ᠬᠤᠲᠠ᠂ 103 ᠬᠤᠰᠢᠭᠤ ᠰᠢᠶᠠᠨ ᠢ ᠬᠠᠮᠤᠷᠬᠤ ᠶᠢ ᠪᠡᠶᠡᠯᠡᠭᠦᠯᠵᠦ᠂ ᠪᠦᠭᠦ ᠣᠷᠣᠨ ᠳᠤ ᠨᠢᠭᠡᠨᠲᠡ 65.5 ᠲᠦᠮᠡᠨ ᠬᠤᠪᠢ ᠡᠯᠧᠺᠳ᠋ᠷᠣᠨ ᠭᠦᠳᠡᠯᠮᠦᠷᠢ ᠶᠢᠨ ᠭᠡᠷ᠎ᠡ ᠲᠣᠭᠲᠠᠵᠤ᠂ 1.27 ᠲᠦᠮᠡᠨ ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠪᠠ᠃    ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠡᠷᠡᠭᠯᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠭᠡᠷᠡᠴᠢᠯᠡᠭᠡ ᠬᠢᠬᠦ ᠦᠢᠯᠡᠴᠢᠯᠡᠭᠡᠨ ᠤ ᠰᠢᠰᠲ᠋ᠧᠮ ᠳᠤ ᠭᠦᠢᠴᠡᠳ ᠲᠦᠰᠢᠭᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠳᠤ ᠡᠯᠧᠺᠳ᠋ᠷᠣᠨ ᠭᠦᠳᠡᠯᠮᠦᠷᠢ ᠶᠢᠨ ᠭᠡᠷ᠎ᠡ ᠶᠢᠨ ᠦᠢᠯᠡᠴᠢᠯᠡᠭᠡᠨ ᠤ ᠴᠢᠳᠠᠮᠵᠢ ᠨᠡᠮᠡᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠵᠡᠷᠭᠡ ᠪᠠᠷ ᠠᠵᠢᠯᠯᠠᠭᠤᠯᠬᠤ ᠭᠡᠷ᠎ᠡ ᠲᠣᠭᠲᠠᠭᠠᠬᠤ ᠶᠠᠪᠤᠴᠠ ᠶᠢ ᠲᠣᠭᠲᠠᠭᠠᠨ᠂ ᠰᠦᠢᠳᠬᠡᠯ ᠬᠤᠷᠢᠶᠠᠬᠤ ᠦᠭᠡᠢ ᠪᠠᠷ ᠡᠯᠧᠺᠳ᠋ᠷᠣᠨ ᠲᠠᠮᠠᠭ᠎ᠠ ᠲᠣᠬᠢᠷᠠᠭᠤᠯᠬᠤ᠂ ᠭᠦᠳᠡᠯᠮᠦᠷᠢ ᠶᠢᠨ ᠭᠡᠷ᠎ᠡ ᠲᠣᠭᠲᠠᠬᠤ᠂ ᠬᠦᠴᠦᠨ ᠦᠭᠡᠢ ᠪᠤᠯᠭᠠᠬᠤ᠂ ᠦᠷᠭᠦᠯᠵᠢᠯᠡᠨ ᠭᠡᠷ᠎ᠡ ᠲᠣᠭᠲᠠᠬᠤ᠂ ᠬᠤᠪᠢᠷᠠᠭᠤᠯᠬᠤ᠂ ᠳᠠᠩᠰᠠᠯᠠᠬᠤ᠂ ᠪᠠᠶᠢᠴᠠᠭᠠᠨ ᠠᠰᠠᠭᠤᠬᠤ ᠪᠦᠭᠦ ᠶᠠᠪᠤᠴᠠ ᠶᠢᠨ ᠡᠯᠧᠺᠳ᠋ᠷᠣᠨᠵᠢᠯᠲᠠ ᠶᠢ ᠪᠡᠶᠡᠯᠡᠭᠦᠯᠵᠦ᠂ ᠬᠥᠮᠥᠨ ᠬᠡᠷᠡᠭᠯᠡᠬᠦ ᠨᠢᠭᠡᠴᠢ ᠪᠣᠯᠣᠨ ᠬᠥᠳᠡᠯᠮᠦᠷᠢᠴᠢᠨ ᠵᠠᠰᠠᠭ ᠤᠨ ᠣᠷᠳᠣᠨ ᠤ ᠨᠡᠭᠡᠭᠡᠭᠰᠡᠨ ᠰᠦᠢᠳᠬᠡᠯ ᠬᠤᠷᠢᠶᠠᠬᠤ ᠦᠭᠡᠢ ᠡᠯᠧᠺᠳ᠋ᠷᠣᠨ ᠭᠦᠳᠡᠯᠮᠦᠷᠢ ᠶᠢᠨ ᠭᠡᠷ᠎ᠡ ᠶᠢᠨ ᠲᠠᠪᠴᠠᠩ ᠢᠶᠠᠷ ᠳᠠᠮᠵᠢᠨ ᠭᠡᠷ᠎ᠡ ᠲᠣᠭᠲᠠᠬᠤ ᠶᠢ ᠪᠡᠶᠡᠯᠡᠭᠦᠯᠬᠦ᠂ ᠠᠵᠢᠯᠲᠠᠨ ᠡᠯᠰᠡᠬᠦ ᠶᠢ ᠨᠡᠶᠢᠲᠡᠯᠡᠬᠦ᠂ ᠠᠵᠢᠯᠴᠢᠨ ᠬᠡᠷᠡᠭᠯᠡᠬᠦ ᠶᠢ ᠳᠠᠩᠰᠠᠯᠠᠬᠤ ᠵᠡᠷᠭᠡ 24 ᠵᠦᠢᠯ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠵᠦᠢᠯᠡᠰ ᠵᠢᠴᠢ ᠭᠡᠷ᠎ᠡ ᠶᠢ ᠪᠠᠶᠢᠴᠠᠭᠠᠨ ᠯᠠᠪᠯᠠᠬᠤ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠥᠬᠦᠪᠦᠷᠢ ᠣᠯᠭᠤᠬᠤ ᠵᠡᠷᠭᠡ 22 ᠵᠦᠢᠯ ᠤᠨ ᠬᠤᠪᠢ ᠬᠥᠮᠥᠨ ᠤ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠵᠦ︾᠂ ︽ᠠᠯᠠᠭᠠᠨ ᠳᠡᠭᠡᠷ᠎ᠡ ᠪᠠᠨ ᠪᠠᠶᠢᠴᠠᠭᠠᠬᠤ︾᠎ ᠶᠢ ᠪᠡᠶᠡᠯᠡᠭᠦᠯᠵᠡᠢ᠃    ᠡᠭᠦᠨ ᠤ ᠬᠠᠮᠲᠤ᠂ ᠲᠤᠬᠠᠶᠢᠯᠠᠭᠰᠠᠨ ᠠᠵᠢᠯ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠤᠯᠪᠤᠭᠠᠯᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠡᠯᠧᠺᠳ᠋ᠷᠣᠨ ᠭᠦᠳᠡᠯᠮᠦᠷᠢ ᠶᠢᠨ ᠭᠡᠷ᠎ᠡ ᠲᠣᠭᠲᠠᠬᠤ᠂ ᠬᠦᠴᠦᠨ ᠦᠭᠡᠢ ᠪᠤᠯᠭᠠᠬᠤ ᠬᠢᠭᠡᠳ ᠠᠵᠢᠯ ᠣᠯᠣᠭᠰᠠᠨ ᠠᠵᠢᠯ ᠠᠯᠳᠠᠭᠰᠠᠨ ᠢ ᠳᠡᠩᠰᠡᠯᠡᠨ ᠲᠡᠮᠳᠡᠭᠯᠡᠬᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠰᠠᠨ ᠢ ᠳᠡᠩᠰᠡᠯᠡᠨ ᠲᠡᠮᠳᠡᠭᠯᠡᠬᠦ᠂ ᠠᠵᠢᠯ ᠠᠴᠠ ᠪᠣᠯᠤᠭᠰᠠᠨ ᠭᠡᠮᠲᠦᠯ ᠤᠨ ᠭᠡᠷᠡᠴᠢ ᠪᠠᠷᠢᠮᠲᠠ ᠶᠢ ᠴᠤᠭᠯᠠᠭᠤᠯᠬᠤ ᠵᠡᠷᠭᠡ 18 ᠵᠦᠢᠯ ᠤᠨ ᠥᠨᠳᠥᠷ ᠳᠠᠪᠲᠠᠮᠵᠢᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠵᠢᠴᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠬᠤ ᠵᠡᠷᠭᠡ ᠲᠤᠬᠠᠶᠢᠯᠠᠭᠰᠠᠨ ᠠᠵᠢᠯ ᠯᠤᠭ᠎ᠠ ᠬᠠᠷᠢᠯᠴᠠᠨ ᠬᠤᠯᠪᠣᠵᠤ᠂ ᠡᠯ᠎ᠡ ᠬᠦᠷᠢᠶᠡᠨ ᠤ ᠲᠤᠬᠠᠶᠢᠯᠠᠭᠰᠠᠨ ᠠᠵᠢᠯ ᠤᠨ ᠠᠬᠤᠢ ᠪᠠᠶᠢᠳᠠᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠂ ᠠᠵᠤ ᠠᠬᠤᠶᠢᠯᠠᠯ ᠪᠠ ᠬᠥᠳᠡᠯᠮᠦᠷᠢᠴᠢᠳ ᠤᠨ ︽ᠨᠢᠭᠡ ᠥᠷᠲᠡᠭᠡᠴᠢᠯᠡᠭᠰᠡᠨ ᠮᠠᠶ᠋ᠢᠭ︾᠎ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠭᠦᠷᠳᠡᠭᠦ ᠳᠤ ᠲᠥᠭᠦᠮ ᠦᠵᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号