ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠤᠪᠴᠢᠶ᠎ᠠ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠳᠠ ᠶᠢᠨ | ᠨᠠᠮ ᠤᠨ ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ | ᠪᠤᠳᠤᠯᠭ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠨᠠᠮ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠠᠯᠠᠭᠤᠯᠤᠨ᠎ᠠ᠃ | ︵ᠬᠤᠶᠠᠷ︶ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ | ᠪᠠ ᠲᠥᠪᠬᠢᠨᠡᠭᠦᠯᠵᠦ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ | ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠬᠤᠪᠢ ᠨᠡᠮᠡᠷᠢ | ᠦᠵᠡᠭᠦᠯᠬᠦ ᠣᠶᠤᠨ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃ | ︵ᠭᠤᠷᠪᠠ︶ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠴᠡᠷᠢᠭ ᠤᠨ | ᠠᠯᠪᠠᠨ ᠠᠴᠠ ᠪᠠᠭᠤᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠠᠮᠠᠷᠠᠭᠰᠠᠨ | ᠠᠵᠢᠯᠲᠠᠨ ᠢ ᠬᠦᠯᠢᠶᠡᠨ ᠠᠪᠴᠤ ᠲᠥᠪᠬᠢᠨᠡᠭᠦᠯᠬᠦ ᠠᠵᠢᠯ ᠪᠣᠯᠤᠨ ᠡᠵᠡᠨ ᠮᠡᠳᠡᠵᠦ ᠠᠵᠢᠯ ᠰᠣᠩᠭᠤᠬᠤ᠂ ᠪᠡᠶ᠎ᠡ ᠪᠠᠨ | ᠳᠠᠭᠠᠭᠠᠵᠤ ᠠᠵᠢᠯ ᠣᠯᠬᠤ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠲᠦᠷᠪᠡ︶ ᠴᠡᠷᠢᠭ ᠠᠴᠠ ᠬᠠᠯᠠᠭᠳᠠᠭᠰᠠᠳ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ | ᠪᠠᠶᠢᠭᠤᠯᠤᠨ ᠤᠳᠤᠷᠢᠳᠴᠤ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠰᠢᠯᠵᠢᠭᠰᠡᠨ ᠬᠡᠷ | ᠪᠦᠯᠢ ᠶᠢᠨ ᠬᠢᠨ ᠤ ᠠᠵᠢᠯ ᠣᠯᠵᠤ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃ | ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠢᠭ ᠤᠨ ᠲᠤᠰ ᠱᠠᠲᠤᠨ ᠤ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠨᠴᠠᠭᠠᠢ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ᠂ ᠨᠥᠬᠦᠴᠡᠯ ᠳᠤ ᠨᠡᠶᠢᠴᠡᠭᠰᠡᠨ ᠪᠤᠰᠤᠳ ᠴᠡᠷᠢᠭ ᠤᠨ ᠠᠯᠪᠠᠨ ᠠᠴᠠ | ᠪᠠᠭᠤᠭᠰᠠᠨ ᠴᠡᠷᠢᠭ ᠪᠠ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ | ᠠᠵᠢᠯᠴᠢᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ᠂ ᠵᠢᠴᠢ ᠴᠡᠷᠢᠭ ᠤᠨ ᠠᠯᠪᠠᠨ ᠠᠴᠠ | ᠪᠠᠭᠤᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢ ᠦᠷᠭᠦᠯᠵᠢᠯᠡᠨ | ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ︵ᠳᠤᠯᠤᠭ᠎ᠠ︶ ᠡᠪᠡᠳᠴᠢᠯᠡᠵᠦ ᠵᠡᠮᠳᠡᠭ ᠪᠣᠯᠤᠭᠰᠠᠨ ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡᠨ ᠤ ᠬᠠᠮᠢᠶᠠᠷᠤᠯᠲᠠ ᠪᠣᠯᠤᠨ ᠠᠰᠠᠷᠠᠮᠵᠢ ᠶᠢᠨ ᠠᠵᠢᠯ ᠵᠢᠴᠢ ᠬᠤᠯᠪᠣᠭᠳᠠᠯ ᠪᠦᠬᠦᠢ ᠴᠡᠷᠢᠭ ᠤᠨ | ᠠᠯᠪᠠᠨ ᠠᠴᠠ ᠪᠠᠭᠤᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ | ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠴᠡᠷᠢᠭ ᠤᠨ ᠠᠯᠪᠠ | ᠭᠦᠢᠴᠡᠳᠬᠡᠬᠦ ᠳᠤ ᠲᠣᠬᠢᠷᠠᠬᠤ ᠦᠭᠡᠢ ᠰᠢᠷᠬᠠᠲᠤᠭᠰᠠᠨ ᠡᠪᠡᠳᠴᠢᠨ ᠲᠠᠢ ᠵᠡᠮᠳᠡᠭ ᠴᠡᠷᠢᠭ ᠤᠨ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ | ︵ᠨᠠᠢᠮᠠ︶ ᠲᠣᠭᠤᠷᠢᠭ ᠤᠨ ᠲᠣᠰ ᠱᠠᠲᠤᠨ ᠤ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ | ᠠᠵᠢᠯ ᠢ ᠨᠠᠶᠢᠳᠠᠪᠤᠷᠢᠵᠢᠭᠤᠯᠤᠨ᠎ᠠ᠃ ᠠᠯᠪᠠ ᠬᠠᠭᠠᠵᠤ ᠪᠠᠶᠢᠭ᠎ᠠ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ | ᠠᠩᠭᠢ ᠶᠢᠨ ᠰᠣᠶᠣᠯ ᠤᠨ ᠠᠵᠢᠯᠲᠠᠨ ᠪᠣᠯᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ | ᠬᠠᠷᠢᠭᠤᠴᠠᠨ᠎ᠠ᠃ | ︵ᠶᠢᠰᠦ︶ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ | ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ | ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ | ᠬᠠᠯᠠᠭᠳᠠᠭᠰᠠᠳ ᠤᠨ ᠠᠵᠢᠯ ᠤᠨ ᠨᠢᠭᠡᠴᠡ ᠪᠣᠯᠤᠨ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ | ᠠᠵᠢᠯᠯᠠᠭ᠎ᠠ ᠶᠢ ᠳ᠋ᠦᠩᠨᠡᠨ ᠤᠬᠠᠭᠤᠯᠤᠨ᠎ᠠ᠃ | ︵ᠠᠷᠪᠠ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ | ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ | ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃ | ︵ᠠᠷᠪᠠᠨ ᠬᠤᠶᠠᠷ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ ᠬᠠᠶᠢᠷᠤᠪ ᠤᠨ ᠲᠣᠬᠤᠢ ᠲᠣᠭᠤᠷᠢᠭ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠡᠭᠦᠷᠭᠡ ᠬᠠᠷᠢᠭᠤᠴᠠᠯᠭ᠎ᠠ | ᠲᠣᠳᠣᠷᠬᠠᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠯ ᠢ | ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠤᠨ ᠴᠡᠷᠢᠭ ᠬᠥᠮᠦᠨ ᠴᠡᠷᠢᠭ ᠤᠨ ᠭᠡᠷ | ᠪᠦᠯᠢ ᠶᠢᠨ ᠬᠢᠨ ᠳᠤ ᠨᠠᠩ ᠰᠠᠶᠢᠨ ᠦᠢᠯᠡᠴᠢᠯᠡᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠢ ᠪᠦᠬᠦ ᠨᠡᠶᠢᠭᠡᠮ ᠤᠨ ᠬᠦᠨᠳᠦᠳᠬᠡᠯ ᠤᠨ ᠠᠵᠢᠯ ᠮᠡᠷᠭᠡᠵᠢᠯ | ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠣᠯᠤᠨ ᠠᠷᠠᠳ ᠲᠦᠮᠡᠨ ᠤ ᠲᠥᠯᠥᠭᠡ | ᠬᠤᠪᠢ ᠨᠡᠮᠡᠷᠢ ᠦᠵᠡᠭᠦᠯᠬᠦ ᠣᠶᠤᠨ ᠰᠠᠨᠠᠭᠠᠨ ᠤ ᠬᠡᠪ ᠨᠠᠮᠪᠠ ᠪᠣᠯᠤᠨ ᠥᠷᠲᠡᠭ ᠤᠨ ᠤᠳᠤᠷᠢᠳᠤᠮᠵᠢ ᠶᠢ ᠢᠯᠡᠷᠡᠭᠦᠯᠵᠦ᠂ | ᠴᠡᠷᠢᠭ ᠠᠩᠭᠢ ᠶᠢᠨ ᠳᠠᠶᠢᠴᠢᠨ ᠬᠦᠴᠦᠨ ᠪᠣᠯᠤᠨ ᠨᠢᠭᠲᠠᠷᠠᠯ ᠤᠨ ᠬᠦᠴᠦᠨ ᠢ ᠴᠢᠩᠭᠠᠳᠬᠠᠬᠤ ᠶᠢᠨ ᠲᠥᠯᠥᠭᠡ ᠨᠠᠩ | ᠰᠠᠶᠢᠲᠤᠷ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ | ᠬᠠᠶ᠋ᠢᠭ᠄ ᠬᠠᠶᠢᠷᠤᠪ ᠤᠨ ᠲᠤᠬᠤᠢ ᠲᠣᠭᠤᠷᠢᠭ ᠤᠨ ᠬᠠᠶᠢᠪᠸᠢ ᠶᠡᠭᠡ ᠵᠡᠭᠡᠯᠢ ᠶᠢᠨ ᠨᠢᠭᠡᠳᠦᠭᠡᠷ ᠨᠣᠮᠧᠷᠲᠤ | ᠲᠣᠭᠤᠷᠢᠭ ᠤᠨ ᠵᠠᠰᠠᠭ ᠤᠨ ᠣᠷᠳᠣᠨ ᠤ ᠠᠷᠤ ᠬᠦᠷᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ | ᠬᠤᠶᠠᠳᠤᠭᠠᠷ ᠳᠠᠪᠬᠤᠷᠯᠢᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ 00-18 | ᠄ 00 | ᠬᠠᠷᠢᠯᠴᠠᠬᠤ ᠬᠡᠯᠪᠡᠷᠢ᠄ 0473 - 2057992 | ᠬᠠᠷᠢᠭᠤᠴᠠᠯᠭᠠᠲᠠᠨ ᠤ ᠣᠪᠣᠭ ᠨᠡᠷ᠎ᠡ᠄ ᠵᠠᠩ ᠶᠦᠩ ᠵᠢᠶᠦ᠋ᠨ | |