ᠦᠰᠦᠭ ᠢᠶᠠᠷ ᠦᠬᠦᠯᠡᠬᠦᠢ᠄ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠯᠲᠡ ᠶᠢᠨ ᠳᠤᠮᠳᠠ ᠰᠠᠶᠢᠵᠢᠷᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/24
    ᠣᠶᠢᠷ᠎ᠠ ᠶᠢᠨ ᠬᠤᠭᠤᠴᠠᠭᠠᠨ ᠳᠤ ᠠᠵᠤ ᠠᠬᠤᠶ ᠶᠢᠨ ᠬᠠᠮ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠪᠡ    ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠪᠠ    ᠳᠤᠮᠳᠠᠳᠤ ᠤᠯᠤᠰ ᠤᠨ ᠠᠷᠠᠳ ᠤᠨ ᠪᠠᠩᠭᠢ 27 ᠤ ᠡᠳᠦᠷ ᠲᠤ ᠨᠡᠶᠢᠲᠡᠯᠡᠭᠰᠡᠨ ᠢᠶᠠᠷ᠂ 2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠬᠤ ᠪᠠᠷ ᠳᠣᠭᠲᠠᠪᠠ    ᠤᠷᠲᠤ ᠬᠤᠭᠤᠴᠠᠭᠠᠨ ᠤ ᠬᠦᠳᠡᠯᠦᠩᠭᠦᠢ ᠴᠢᠨᠠᠷ ᠢ ᠪᠠᠷᠤᠭ 1 ᠲᠦᠮᠡᠨ ᠳ᠋ᠦᠩᠰᠢᠭᠤᠷ ᠲᠥᠭᠦᠷᠢᠭ ᠰᠤᠯᠠᠯᠠᠬᠤ ᠪᠠᠷ ᠵᠢᠱᠢᠵᠦ ᠪᠣᠢ    ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠤᠷᠮ᠎ᠠ 20 ᠰᠠᠭᠤᠷᠢ ᠴᠡᠭ ᠪᠠᠭᠤᠷᠠᠪᠠ    9 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠣᠷᠮ᠎ᠠ ᠶᠢ ᠤᠤᠯ ᠤᠨ 1.70% ᠪᠠᠶᠢᠭᠰᠠᠨ ᠠᠴᠠ 1.50% ᠪᠣᠯᠭᠠᠨ ᠲᠣᠬᠢᠷᠠᠭᠤᠯᠵᠤ᠂ 20 ᠰᠠᠭᠤᠷᠢ ᠴᠡᠭ ᠪᠠᠭᠤᠷᠠᠭᠤᠯᠪᠠ    ᠲᠤᠰ ᠤᠳᠠᠭᠠᠨ ᠤ ᠲᠦᠷᠦ ᠶᠢᠨ ᠪᠣᠳᠣᠯᠭ᠎ᠠ ᠶᠢᠨ ᠬᠦᠦ ᠶᠢᠨ ᠨᠤᠷᠮ᠎ᠠ ᠶᠢᠨ ᠳᠣᠷᠣᠭᠰᠢᠯᠠᠭᠤᠯᠤᠭᠰᠠᠨ ᠬᠡᠮᠵᠢᠶ᠎ᠡ ᠨᠢ ᠣᠶᠢᠷ᠎ᠠ ᠶᠢᠨ ᠳᠦᠷᠪᠡᠨ ᠵᠢᠯ ᠳᠠᠬᠢ ᠬᠠᠮᠤᠭ ᠤᠨ ᠶᠡᠭᠡ ᠨᠢᠭᠡ ᠤᠳᠠᠭᠠᠨ ᠤ ᠲᠣᠬᠢᠷᠠᠭᠤᠯᠤᠯᠲᠠ ᠪᠣᠯᠪᠠ    ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ ᠬᠦᠷᠲᠡᠯ᠎ᠡ ᠪᠠᠭᠤᠷᠠᠭᠤᠯᠤᠨ᠎ᠠ    ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ    ᠬᠤᠳᠠᠯᠳᠤᠭᠠᠨ ᠤ ᠪᠠᠩᠭᠢ ᠶᠢ ᠬᠦᠲᠦᠯᠦᠨ ᠵᠢᠯᠤᠭᠤᠳᠴᠤ ᠪᠠᠶᠢᠭᠠᠳ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ ᠬᠦᠷᠲᠡᠯ᠎ᠡ ᠪᠠᠭᠤᠷᠠᠭᠤᠯᠵᠤ᠂ ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ    ᠡᠨᠡ ᠬᠦ ᠳᠦᠷᠤ ᠶᠢᠨ ᠪᠤᠲᠣᠯᠭ᠎ᠠ ᠨᠢ 5000 ᠳᠦᠮᠠᠨ ᠡᠷᠣᠭᠡ ᠬᠡᠷ ᠪᠦᠯᠢ᠂ 1.5 ᠳ᠋ᠦᠩᠰᠢᠭᠤᠷ ᠬᠥᠮᠥᠨ ᠠᠮᠠ ᠳᠤ ᠠᠰᠢᠭ ᠬᠦᠷᠲᠡᠭᠡᠵᠦ᠂ ᠬᠡᠷ ᠪᠦᠯᠢ ᠶᠢᠨ ᠬᠦᠦ ᠮᠦᠩᠭᠦᠠ ᠤ ᠵᠠᠷᠣᠯᠭ᠎ᠠ ᠶᠢᠨ ᠶᠡᠷᠦᠩᠬᠡᠢ ᠳᠤᠭ᠎ᠠ ᠶᠢ ᠳᠤᠮᠳᠠᠴᠢ ᠪᠠᠷ ᠵᠢᠯ ᠪᠦᠷᠢ 1500 ᠳ᠋ᠦᠩᠰᠢᠭᠤᠷ ᠳᠦᠭᠦᠷᠢᠭ ᠣᠷᠴᠢᠮ ᠪᠠᠭᠠᠰᠬᠠᠬᠤ ᠪᠠᠷ ᠵᠢᠱᠢᠵᠦ ᠪᠣᠢ    ᠠᠩᠬᠠᠳᠠᠭᠴᠢ ᠢᠵᠢ ᠣᠷᠣᠨ ᠰᠠᠭᠤᠴᠠ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ ᠦᠭᠡᠢ    ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ 15% ᠠᠴᠠ ᠳᠣᠣᠷ᠎ᠠ ᠪᠠᠶᠢᠯᠭᠠᠬᠤ ᠦᠭᠡᠢ    ᠬᠤᠪᠢ ᠬᠦᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠤᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠪᠠᠶᠢᠯᠭᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠭᠢ᠂ ᠤᠯᠤᠰ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠮᠡᠳᠡᠭᠳᠡᠯ ᠳᠤ᠂ ᠵᠢᠭᠡᠯᠡᠯᠭᠡ ᠪᠠᠷ ᠣᠷᠣᠨ ᠰᠠᠭᠤᠴᠠ ᠬᠤᠳᠠᠯᠳᠤᠨ ᠠᠪᠤᠭᠰᠠᠨ ᠰᠠᠭᠤᠭᠠᠯᠢ ᠠᠷᠠᠳ ᠤᠨ ᠭᠡᠷ ᠪᠦᠯᠢ ᠳᠤ᠂ ᠬᠤᠳᠠᠯᠳᠣᠭᠠᠨ ᠤ ᠴᠢᠨᠠᠷᠲᠠᠢ ᠬᠤᠪᠢ ᠬᠦᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ ᠠᠩᠬᠠᠳᠠᠭᠴᠢ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ ᠦᠭᠡᠢ ᠪᠠᠷ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ 15% ᠠᠴᠠ ᠳᠣᠣᠷ᠎ᠠ ᠪᠠᠶᠢᠯᠭᠠᠬᠤ ᠦᠭᠡᠢ ᠭᠡᠵᠡᠢ    ᠭᠡᠷ ᠪᠠᠶᠢᠰᠢᠩ ᠭᠠᠵᠠᠷ ᠬᠦᠷᠦᠩᠭᠡ ᠳᠤ ᠬᠤᠯᠪᠣᠭᠳᠠᠬᠤ ᠬᠤᠶᠠᠷ ᠵᠦᠢᠯ ᠤᠨ ᠮᠦᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠪᠠ    ᠡᠨᠡ ᠵᠢᠯ ᠤᠨ ᠰᠡᠭᠦᠯᠴᠢ ᠠᠴᠠ ᠡᠮᠦᠨ᠎ᠡ ᠬᠤᠭᠤᠴᠠᠭ᠎ᠠ ᠨᠢ ᠳᠠᠭᠤᠰᠬᠤ ᠡᠵᠡᠩᠨᠡᠯᠲᠡ ᠶᠢᠨ ᠴᠢᠨᠠᠷᠲᠠᠢ ᠠᠳᠠᠯ ᠠᠬᠤᠢ ᠶᠢᠨ ᠵᠢᠭᠡᠯᠡᠯᠭᠡ ᠪᠠ ︽ᠮᠥᠩᠭᠦᠨ ᠭᠦᠢᠯᠭᠡᠭᠡᠨ ᠤ 16 ᠵᠤᠷᠪᠤᠰ︾ ᠡᠨᠡ ᠬᠤᠶᠠᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ 2026 ᠣᠨ ᠤ ᠡᠴᠦᠰ ᠪᠣᠯᠲᠠᠯ᠎ᠠ ᠤᠷᠲᠤᠳᠬᠠᠨ᠎ᠠ    ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ    5 ᠳ᠋ᠤᠭᠠᠷ ᠰᠠᠷ᠎ᠠ ᠳᠤ ᠠᠷᠠᠳ ᠤᠨ ᠪᠠᠩᠭᠢ ᠶᠢᠨ ᠪᠠᠶᠢᠭᠤᠯᠤᠭᠰᠠᠨ 3000 ᠳ᠋ᠦᠩᠰᠢᠭᠤᠷ ᠲᠦᠭᠦᠷᠢᠭ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠳᠤ ᠲᠥᠪ ᠤᠨ ᠪᠠᠩᠭᠢ ᠶᠢᠨ ᠪᠡᠯᠡ ᠮᠥᠩᠭᠦᠨ ᠤ ᠳᠡᠮᠵᠢᠯᠭᠡ ᠶᠢᠨ ᠬᠠᠷᠢᠴᠠᠯ ᠢ ᠤᠤᠯ ᠤᠨ 60% ᠪᠠᠶᠢᠭᠰᠠᠨ ᠠᠴᠠ 100% ᠳᠤ ᠬᠦᠷᠲᠡᠯ᠎ᠡ ᠳᠡᠭᠡᠭᠰᠢᠯᠡᠭᠦᠯᠦᠨ᠎ᠡ    ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠦᠯᠡᠳᠡᠭᠡᠯ ᠭᠠᠵᠠᠷ ᠰᠢᠷᠣᠢ ᠶᠢ ᠬᠤᠳᠠᠯᠳᠤᠨ ᠠᠪᠬᠤ ᠶᠢ ᠳᠡᠮᠵᠢᠨ᠎ᠡ    ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠭᠢ ᠪᠠ ᠬᠤᠳᠠᠯᠳᠤᠭᠠᠨ ᠤ ᠪᠠᠩᠭᠢ ᠨᠢ ᠨᠦᠬᠦᠴᠡᠯ ᠲᠠᠢ ᠠᠵᠤ ᠠᠬᠤᠶᠢᠯᠠᠯ ᠤᠳ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠠᠵᠠᠷ ᠰᠢᠷᠤᠢ ᠶᠢ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠳᠤ ᠵᠢᠭᠡᠯᠡᠯᠭᠡ ᠪᠠᠷ ᠳᠡᠮᠵᠢᠬᠦ ᠶᠢ ᠰᠤᠳᠤᠯᠤᠨ ᠵᠥᠪᠰᠢᠶᠡᠷᠡᠵᠦ᠂ ᠦᠯᠡᠳᠡᠭᠡᠯ ᠭᠠᠵᠠᠷ ᠰᠢᠷᠤᠢ ᠶᠢ ᠴᠢᠯᠦᠭᠡᠲᠡᠢ ᠭᠦᠢᠯᠭᠡᠭᠡᠵᠦ᠂ ᠭᠡᠷ ᠪᠠᠶᠢᠰᠢᠩ ᠤᠨ ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠭᠠᠰᠤ ᠶᠢ ᠨᠢ ᠬᠦᠩᠭᠡᠷᠡᠭᠦᠯᠦᠨ᠎ᠡ    ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠬᠤᠭᠤᠷᠣᠨᠳᠤ ᠪᠠᠨ ᠳᠥᠭᠦᠮᠯᠡᠵᠦ ᠰᠣᠯᠢᠯᠴᠠᠬᠤ ᠶᠢ ᠨᠢ ᠴᠣᠭᠴᠠᠯᠠᠨ ᠪᠠᠶᠢᠭᠤᠯᠤᠨ᠎ᠠ    ᠨᠥᠬᠦᠴᠡᠯ ᠳᠤ ᠨᠡᠶᠢᠴᠡᠬᠦ ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠶᠢᠨ ᠡᠳ᠋ ᠬᠥᠷᠥᠩᠭᠡ ᠳᠠᠨᠵᠢᠯᠠᠬᠤ ᠪᠠᠷ ᠳᠠᠮᠵᠢᠨ᠂ ᠲᠥᠪ ᠤᠨ ᠪᠠᠩᠬᠢ ᠠᠴᠠ ᠬᠥᠳᠡᠯᠦᠩᠭᠦᠢ ᠴᠢᠨᠠᠷ ᠣᠯᠵᠤ ᠠᠪᠬᠤ ᠶᠢ ᠨᠢ ᠳᠡᠮᠵᠢᠨ᠎ᠡ    ᠠᠩᠬᠠᠨ ᠤ ᠬᠤᠭᠤᠴᠠᠭᠠᠨ ᠤ ᠠᠵᠢᠯᠯᠠᠭᠠᠨ ᠤ ᠬᠡᠪᠴᠢᠶ᠎ᠡ ᠨᠢ 5000 ᠳ᠋ᠦᠩᠰᠢᠭᠤᠷ ᠲᠥᠭᠦᠷᠢᠭ ᠪᠣᠯᠤᠨ᠎ᠠ    ᠰᠲ᠋ᠣᠺ ᠢ ᠡᠭᠡᠭᠦᠯᠦᠨ ᠬᠤᠳᠠᠯᠳᠤᠨ ᠠᠪᠬᠤ ᠶᠢ ᠴᠣᠭᠴᠠᠯᠠᠨ ᠪᠠᠶᠢᠭᠤᠯᠤᠨ᠂ ᠲᠤᠰᠬᠠᠶ ᠵᠦᠢᠯ ᠢᠶᠠᠷ ᠳᠠᠬᠢᠨᠲᠠ ᠵᠢᠭᠡᠯᠡᠯᠭᠡ ᠲᠠᠯᠪᠢᠬᠤ ᠶᠢ ᠨᠢ ᠨᠡᠮᠡᠭᠳᠡᠭᠦᠯᠪᠡ    ᠬᠤᠳᠠᠯᠳᠣᠭᠠᠨ ᠤ ᠪᠠᠩᠭᠢ ᠶᠢ ᠬᠥᠲᠥᠯᠥᠨ ᠵᠢᠯᠣᠭᠤᠳᠴᠤ ᠪᠠᠶᠢᠭᠠᠳ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ ᠪᠤᠯᠤᠨ ᠭᠤᠤᠯ ᠬᠤᠪᠢ ᠤᠷᠤᠭᠤᠯᠤᠭᠴᠢ ᠳᠤ ᠵᠢᠭᠡᠯᠡᠯᠭᠡ ᠬᠠᠩᠭᠠᠵᠤ᠂ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ ᠶᠢᠨ ᠰᠲ᠋ᠤᠺ ᠢ ᠡᠭᠡᠭᠦᠯᠦᠨ ᠬᠤᠳᠠᠯᠳᠤᠨ ᠠᠪᠬᠤ ᠪᠠ ᠨᠡᠮᠡᠵᠤ ᠠᠪᠬᠤ ᠳᠤ ᠬᠡᠷᠡᠭᠯᠡᠨ᠎ᠡ    ᠠᠩᠬᠠᠨ ᠤ ᠬᠤᠭᠤᠴᠠᠭᠠᠨ ᠤ ᠵᠣᠭᠤᠰ ᠤᠨ ᠲᠤᠭ᠎ᠠ ᠨᠢ 3000 ᠳ᠋ᠦᠩᠰᠢᠭᠤᠷ ᠲᠦᠭᠦᠷᠢᠭ    ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠤᠭᠤᠯᠬᠤ ᠶᠢ ᠶᠡᠭᠡ ᠪᠠᠷ ᠬᠦᠲᠦᠯᠦᠨ ᠵᠢᠯᠤᠭᠤᠳᠤᠨ᠎ᠠ    9 ᠳ᠋ᠦ᠋ᠭᠡᠷ ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠢᠶᠠᠷ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ ᠬᠥᠭᠵᠢᠭᠡᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠶᠡᠭᠡ ᠪᠠᠷ ᠬᠦᠳᠦᠯᠦᠨ ᠵᠢᠯᠣᠭᠤᠳᠴᠤ᠂ ᠨᠡᠶᠢᠭᠡᠮ ᠤᠨ ᠪᠠᠲᠤᠯᠠᠭ᠎ᠠ᠂ ᠳᠠᠭᠠᠳᠬᠠᠯ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠢ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ    ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠡᠪᠯᠡᠯ ᠯᠦᠭᠡ ᠬᠤᠯᠪᠣᠭᠠᠯᠠᠨ ︽ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ    ᠤᠷᠲᠤ ᠬᠤᠭᠤᠴᠠᠭᠠᠨ ᠤ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠬᠥᠷᠥᠩᠭᠡ ᠶᠢᠨ ᠵᠠᠬ᠎ᠠ ᠳᠡᠯᠭᠡᠭᠦᠷ ᠤᠨ ᠠᠮᠢ ᠠᠬᠤᠶ ᠶᠢ ᠪᠦᠲᠦᠭᠡᠨ ᠪᠠᠶᠢᠭᠤᠯᠵᠤ ᠪᠤᠶᠢᠵᠢᠭᠤᠯᠤᠨ᠎ᠠ    ᠡᠷᠭᠡ ᠠᠰᠢᠭ ᠤᠨ ᠲᠥᠷᠥᠯ ᠤᠨ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢ ᠶᠡᠭᠡ ᠪᠠᠷ ᠬᠥᠭᠵᠢᠭᠦᠯᠵᠦ᠂ ᠬᠤᠪᠢ ᠪᠠᠷ ᠢᠶᠠᠨ ᠴᠤᠭᠯᠠᠭᠤᠯᠬᠤ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠣᠭᠲᠠᠭᠤᠨ ᠢᠶᠠᠷ ᠬᠥᠭᠵᠢᠬᠦ ᠶᠢ ᠳᠡᠮᠵᠢᠨ᠎ᠡ    ᠡᠯ᠎ᠡ ᠲᠥᠷᠥᠯ ᠤᠨ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦᠨ ᠤ ᠵᠠᠬ᠎ᠠ ᠳᠡᠯᠭᠡᠭᠦᠷ ᠲᠤ ᠣᠷᠣᠬᠤ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠦᠨ᠎ᠡ    ᠵᠢᠵᠢᠭ ᠪᠢᠴᠢᠯ ᠠᠵᠤ ᠠᠬᠤᠶᠢᠯᠠᠯ ᠤᠨ ᠭᠠᠷᠳᠠᠮ ᠤᠨ ᠰᠦᠢᠳᠭᠡᠯ ᠢ ᠪᠠᠭᠤᠷᠠᠭᠤᠯᠬᠤ ᠶᠢ ᠵᠤᠷᠢᠭᠵᠢᠭᠤᠯᠤᠨ᠎ᠠ    9 ᠳ᠋ᠦ᠋ᠭᠡᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠲᠣᠭᠠᠴᠠᠭ᠎ᠠ ᠬᠢᠬᠦ ᠢᠯᠭᠠᠷᠠᠭᠤᠯᠤᠨ ᠪᠤᠳᠤᠬᠤ ᠨᠡᠶᠢᠭᠡᠮᠯᠢᠭ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ︽ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠰᠦᠢᠳᠬᠡᠯ ᠢ ᠪᠠᠭᠤᠷᠠᠭᠤᠯᠬᠤ ᠶᠢ ᠵᠣᠷᠢᠭᠵᠢᠭᠤᠯᠬᠤ ᠲᠤᠬᠠᠶ ᠰᠠᠨᠠᠭᠠᠴᠢᠯᠠᠭ᠎ᠠ︾ ᠶᠢ ᠨᠡᠶᠢᠲᠡᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠵᠠᠷᠤᠳᠠᠯ ᠢ ᠪᠠᠭᠤᠷᠠᠭᠤᠯᠬᠤ ᠶᠢ ᠵᠣᠷᠢᠭᠵᠢᠭᠤᠯᠪᠠ    2000 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠬᠡᠷᠡᠭᠯᠡᠭᠦᠯᠦᠨ᠎ᠡ    ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠪᠦᠬᠦ ᠬᠦᠴᠦ ᠪᠠᠷ ᠪᠠᠲᠤᠯᠠᠬᠤ ᠶᠢᠨ ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠭᠢ ᠤᠷᠢᠳ ᠢᠶᠠᠷ 2000 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢᠨ ᠪᠡᠯᠡ ᠮᠦᠩᠭᠦ ᠶᠢ ᠲᠤᠰᠬᠠᠶᠢᠯᠠᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠬᠡᠷᠡᠭᠯᠡᠬᠦᠯᠬᠦ ᠪᠠᠷ ᠳᠤᠬᠢᠷᠠᠭᠤᠯᠵᠤ᠂ ᠳᠠᠷᠠᠭ᠎ᠠ ᠪᠠᠷ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠠᠭ ᠳᠤᠬᠠᠢ ᠳᠤ ᠨᠢ ᠪᠡᠯᠡ ᠮᠦᠩᠭᠦ ᠳᠤᠬᠢᠷᠠᠭᠤᠯᠵᠤ᠂ ᠳᠠᠷᠢᠶᠠᠴᠢᠳ ᠤᠨ ︽ᠠᠮᠤ ᠪᠤᠳᠠᠭ᠎ᠠ ᠶᠢ ᠨᠢ ᠬᠤᠳᠠᠯᠳᠤᠵᠤ ᠭᠠᠷᠭᠠᠬᠤ᠂ ᠵᠤᠭᠤᠰ ᠢ ᠨᠢ ᠭᠠᠷ ᠲᠤ ᠨᠢ ᠠᠳᠬᠤᠭᠤᠯᠬᠤ︾ ᠶᠢ ᠨᠢ ᠪᠠᠳᠤᠯᠠᠨ᠎ᠠ    ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠤᠷᠲᠤ ᠬᠤᠭᠤᠴᠠᠭᠠᠨ ᠤ ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ    9 ᠳ᠋ᠦ᠋ᠭᠡᠷ ᠰᠠᠷ᠎ᠠ ᠶᠢᠨ 30 ᠤ ᠡᠳᠦᠷ᠂ ᠡᠳ᠋ ᠤᠨ ᠵᠠᠰᠠᠭ ᠤᠨ ᠶᠠᠮᠤᠨ 2024 ᠣᠨ ᠤ ᠳᠥᠷᠪᠡᠳᠦᠭᠡᠷ ᠤᠯᠠᠷᠢᠯ ᠤᠨ ᠤᠯᠤᠰ ᠤᠨ ᠵᠢᠭᠡᠯᠡᠯᠭᠡ ᠶᠢ ᠲᠠᠷᠬᠠᠭᠠᠬᠤ ᠬᠤᠯᠪᠣᠭᠳᠠᠯ ᠪᠥᠬᠦᠶ ᠲᠣᠬᠢᠷᠠᠭᠤᠯᠤᠯᠲᠠ ᠶᠢ ᠨᠡᠶᠢᠲᠡᠯᠡᠵᠦ᠂ ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠣᠷᠳᠣ ᠬᠤᠭᠤᠴᠠᠭᠠᠨ ᠤ ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ    ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠲᠣᠭᠲᠠᠭᠰᠠᠨ ᠲᠤᠭ᠎ᠠ ᠭᠡᠵᠦ ᠦᠭᠡᠢ    ᠪᠤᠭᠤᠮᠲᠠ ᠶᠢᠨ ᠶᠡᠷᠦᠩᠭᠡᠢ ᠵᠠᠭᠢᠷᠭ᠎ᠠ ᠤᠷᠴᠢᠮᠬᠠᠨ ︽ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠪᠣᠭᠤᠮᠲᠠ ᠬᠤᠲᠠ ᠶᠢᠨ ᠳᠣᠲᠣᠷᠠᠬᠢ ᠭᠠᠶᠢᠯᠢ ᠠᠴᠠ ᠬᠡᠯᠲᠤᠷᠢᠭᠦᠯᠭᠦ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠪᠡ᠃ ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠨᠢ ᠪᠠᠷᠠᠭ᠎ᠠ ᠬᠤᠳᠠᠯᠳᠤᠨ ᠠᠪᠬᠤ ᠲᠣᠭᠲᠠᠭᠰᠠᠨ ᠲᠤᠭ᠎ᠠ ᠲᠣᠭᠲᠠᠭᠠᠬᠤ ᠦᠭᠡᠢ᠂ ᠭᠡᠪᠡᠴᠦ ᠠᠶᠠᠨᠴᠢᠳ ᠤᠨ ᠠᠪᠴᠤ ᠶᠠᠪᠤᠭ᠎ᠠ ᠡᠳ᠋ ᠪᠠᠷᠠᠭ᠎ᠠ ᠨᠢ ᠬᠢᠯᠢ ᠪᠠᠷ ᠣᠷᠣᠭᠤᠯᠵᠤ ᠭᠠᠷᠭᠠᠬᠤ ᠳᠤ ᠥᠪᠡᠷᠲᠡᠭᠡᠨ ᠬᠡᠷᠡᠭᠯᠡᠬᠦ᠂ ᠵᠦᠢ ᠵᠣᠬᠢᠰᠲᠠᠢ ᠲᠤᠭ᠎ᠠ ᠪᠠᠷ ᠬᠢᠵᠠᠭᠠᠷᠯᠠᠬᠤ ᠪᠣᠭᠤᠳᠠᠯ ᠪᠠᠭᠯᠠᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ    ᠪᠡᠭᠡᠵᠢᠩ    ᠭᠡᠷ ᠪᠠᠶᠢᠰᠢᠩ ᠭᠠᠵᠠᠷ ᠬᠦᠷᠦᠩᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠪᠠ    ᠬᠤᠶᠠᠳᠤᠭᠠᠷ ᠢᠵᠢ ᠭᠡᠷ ᠪᠠᠶᠢᠰᠢᠩ ᠤᠨ ᠬᠤᠳᠠᠯᠳᠤᠭᠠᠨ ᠤ ᠵᠢᠭᠡᠯᠡᠯᠭᠡ ᠶᠢᠨ ᠠᠩᠬ᠎ᠠ ᠲᠤᠰᠢᠶᠠᠬᠤ ᠮᠥᠩᠭᠦ ᠶᠢ ᠬᠠᠮᠤᠭ ᠤᠨ ᠳᠣᠣᠷ᠎ᠠ ᠳᠤ ᠪᠠᠨ 20% ᠠᠴᠠ ᠳᠣᠣᠷ᠎ᠠ ᠪᠠᠶᠢᠯᠭᠠᠬᠤ ᠦᠭᠡᠢ    ᠪᠡᠭᠡᠵᠢᠩ ᠠᠴᠠ ᠪᠤᠰᠤᠳ ᠡᠷᠦᠬᠡ ᠠᠮᠠ ᠲᠠᠢ ᠬᠥᠮᠥᠨ ᠭᠡᠷ ᠪᠠᠶᠢᠰᠢᠩ ᠬᠤᠳᠠᠯᠳᠤᠨ ᠠᠪᠬᠤ ᠳᠤ ᠨᠡᠶᠢᠭᠡᠮ ᠤᠨ ᠪᠠᠲᠤᠯᠠᠭ᠎ᠠ ᠲᠤᠰᠢᠶᠠᠬᠤ ᠬᠤᠭᠤᠴᠠᠭ᠎ᠠ ᠶᠢ ᠨᠢ ᠳᠣᠷᠣᠭᠰᠢᠯᠠᠭᠤᠯᠪᠠ    ᠪᠡᠭᠡᠵᠢᠩ ᠤᠨ ᠡᠷᠦᠬᠡ ᠠᠮᠠ ᠲᠠᠢ ᠬᠤᠶᠠᠷ ᠠᠴᠠ ᠳᠡᠭᠡᠭᠰᠢ ᠬᠡᠤᠬᠡᠳ ᠲᠠᠢ ᠭᠡᠷ ᠪᠦᠯᠢ ᠨᠢ ᠭᠡᠷ ᠪᠠᠶᠢᠰᠢᠩ ᠬᠤᠳᠠᠯᠳᠤᠨ ᠠᠪᠬᠤ ᠳᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠥᠭᠬᠦ ᠬᠡᠮᠵᠢᠶ᠎ᠡ ᠶᠢ 40 ᠲᠦᠮᠡᠨ ᠲᠦᠭᠦᠷᠢᠭ ᠥᠰᠬᠡᠪᠡ    1000 ᠲᠦᠮᠡᠨ ᠲᠥᠭᠦᠷᠢᠭ ᠤᠨ ᠺᠢᠨᠣ᠋ ᠦᠵᠡᠬᠦ ᠨᠥᠬᠦᠪᠥᠷᠢ ᠣᠯᠭᠤᠨ᠎ᠠ    ᠪᠦᠬᠦ ᠬᠤᠲᠠ ᠶᠢᠨ 250 ᠭᠠᠷᠣᠢ ᠡᠵᠡᠩᠨᠡᠵᠦ ᠪᠠᠶᠢᠭ᠎ᠠ ᠺᠢᠨᠣ᠋ ᠲᠢᠶᠠᠳ᠋ᠷ ᠢ ᠬᠠᠮᠤᠷᠴᠤ᠂ 100 ᠲᠦᠮᠡ ᠰᠢᠬᠠᠮ ᠬᠦᠮᠦᠨ ᠣᠳᠠᠭ᠎ᠠ ᠳᠤ ᠠᠰᠢᠭ ᠬᠦᠷᠳᠡᠭᠡᠬᠦ ᠪᠠᠷ ᠵᠢᠱᠢᠵᠦ ᠪᠣᠢ    ᠱᠠᠩᠬᠠᠢ    ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ    ᠱᠠᠩᠬᠠᠢ ᠠᠴᠠ ᠪᠤᠰᠤᠳ ᠡᠷᠦᠬᠡ ᠠᠮᠠ ᠲᠠᠢ ᠰᠠᠭᠤᠭᠠᠯᠢ ᠠᠷᠠᠳ ᠭᠠᠳᠠᠷ ᠴᠠᠭᠠᠷᠢᠭ ᠠᠴᠠ ᠭᠠᠳᠠᠨᠠᠬᠢ ᠣᠷᠣᠨ ᠰᠠᠭᠤᠴᠠ ᠶᠢ ᠬᠤᠳᠠᠯᠳᠤᠨ ᠠᠪᠬᠤ ᠳᠤ ᠬᠡᠷᠡᠭᠰᠡᠬᠦ ᠨᠡᠶᠢᠭᠡᠮ ᠤᠨ ᠪᠠᠲᠤᠯᠠᠭ᠎ᠠ ᠪᠤᠶᠤ ᠬᠤᠪᠢ ᠬᠥᠮᠦᠨ ᠤ ᠣᠯᠵᠠᠪᠤᠷᠢ ᠶᠢᠨ ᠭᠠᠶᠢᠯᠢ ᠶᠢᠨ ᠣᠨ ᠤ ᠬᠢᠵᠠᠭᠠᠷ ᠢ ᠨᠢ ᠪᠣᠭᠤᠨᠢᠰᠬᠠᠪᠠ    ᠬᠤᠶᠠᠳᠤᠭᠠᠷ ᠢᠵᠢ ᠤᠷᠤᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠤᠭᠤᠰ ᠤᠨ ᠬᠠᠷᠢᠴᠠᠯ ᠢ ︽25% ᠠᠴᠠ ᠲᠤᠤᠷ᠎ᠠ ᠪᠠᠶᠢᠯᠭᠠᠬᠤ ᠦᠭᠡᠢ︾ ᠭᠡᠵᠦ ᠲᠤᠬᠢᠷᠠᠭᠤᠯᠪᠠ    ᠬᠤᠪᠢ ᠬᠦᠮᠦᠨ ᠤ ᠭᠠᠳᠠᠭᠰᠢ ᠪᠣᠷᠤᠯᠠᠭᠤᠯᠤᠭᠰᠠᠨ ᠣᠷᠣᠨ ᠰᠠᠭᠤᠴᠠ ᠶᠢᠨ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ    ᠲᠣᠰ ᠬᠤᠲᠠ ᠶᠢᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠬᠦᠴᠦᠯᠡᠨ ᠳᠡᠮᠵᠢᠨ᠎ᠡ    ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠲᠠᠮᠵᠢᠵᠤ᠂ ᠬᠠᠮᠤᠭ ᠤᠨ ᠥᠨᠳᠥᠷ ᠲᠤ ᠪᠠᠨ 2 ᠲᠦᠮᠡᠨ ᠲᠦᠭᠦᠷᠢᠭ ᠤᠨ ᠨᠦᠬᠦᠪᠦᠷᠢ ᠣᠯᠭᠤᠨ᠎ᠠ    ᠬᠥᠬᠡᠨᠠᠭᠤᠷ ᠮᠤᠵᠢ    ᠡᠯ᠎ᠡ ᠬᠤᠲᠠ ᠶᠢᠨ ᠵᠠᠰᠠᠭ ᠤᠨ ᠣᠷᠳᠣᠨ ᠤ ᠭᠤᠣᠯ ᠴᠣᠭᠴᠠ ᠭᠡᠷ ᠪᠠᠶᠢᠰᠢᠩ ᠬᠤᠳᠠᠯᠳᠤᠨ ᠠᠪᠬᠤ ᠳᠤ ᠨᠦᠬᠦᠪᠦᠷᠢ ᠣᠯᠭᠤᠬᠤ ᠲᠦᠷᠦ ᠶᠢᠨ ᠪᠣᠳᠣᠯᠭ᠎ᠠ ᠳᠣᠭᠲᠠᠭᠠᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠭᠡᠷ ᠪᠦᠯᠢ ᠳᠤ ᠨᠦᠬᠦᠪᠦᠷᠢ ᠣᠯᠭᠤᠨ᠎ᠠ    ᠹᠦᠵᠢᠶᠠᠨ ᠮᠤᠵᠢ    ᠡᠯ᠎ᠡ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ ᠦᠨ᠎ᠡ ᠶᠢ ᠬᠢᠵᠠᠭᠠᠷᠯᠠᠬᠤ ᠶᠢ ᠴᠤᠴᠠᠯᠬᠤ ᠶᠢ ᠳᠡᠮᠵᠢᠵᠦ᠂ ᠨᠢᠭᠡᠨᠲᠡ ᠴᠤᠴᠠᠯᠤᠭᠰᠠᠨ ᠢ ᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠤᠴᠠᠯᠤᠭᠠᠳᠤᠢ ᠶᠢ ᠨᠢ ᠰᠢᠮᠳᠠᠭᠤᠯᠤᠨ ᠦᠨᠡᠯᠡᠨ᠎ᠡ    ᠨᠥᠬᠦᠴᠡᠯ ᠲᠠᠢ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠨᠥᠬᠦᠪᠥᠷᠢ ᠣᠯᠭᠤᠬᠤ ᠶᠢ ᠨᠢ ᠳᠡᠮᠵᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠪᠦᠯᠬᠦᠮ ᠢᠶᠠᠷ ᠬᠤᠳᠠᠯᠳᠤᠨ ᠠᠪᠬᠤ ᠳᠤ ᠬᠠᠷᠠᠭᠠᠯᠵᠠᠯ ᠦᠵᠡᠭᠦᠯᠬᠦ ᠶᠢ ᠨᠢ ᠵᠣᠷᠢᠭᠵᠢᠭᠤᠯᠤᠨ᠎ᠠ    ᠰᠢᠶᠠᠮᠧᠨ    ᠣᠷᠣᠨ ᠰᠠᠭᠤᠴᠠ ᠬᠤᠳᠠᠯᠳᠤᠬᠤ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠪᠠ    ᠣᠷᠣᠨ ᠰᠠᠭᠤᠴᠠ ᠶᠢᠨ ᠢᠵᠢ ᠲᠤᠭ᠎ᠠ ᠶᠢ ᠣᠷᠣᠨ ᠰᠠᠭᠤᠴᠠ ᠬᠤᠳᠠᠯᠳᠤᠨ ᠠᠪᠬᠤ ᠪᠠᠷ ᠪᠠᠶᠢᠭ᠎ᠠ ᠭᠠᠵᠠᠷ ᠤᠨ ᠲᠣᠭᠤᠷᠢᠭ ᠤᠨ ᠬᠡᠪᠴᠢᠶᠡᠨ ᠳᠤ ᠦᠨᠡᠮᠰᠢᠨ᠎ᠡ    ᠾᠧᠨᠠᠨ ᠮᠤᠵᠢ    ᠬᠤᠳᠠᠯᠳᠤᠨ ᠠᠪᠬᠤ ᠬᠢᠵᠠᠭᠠᠷᠯᠠᠯ ᠢ ᠪᠥᠬᠦ ᠲᠠᠯ᠎ᠠ ᠪᠠᠷ ᠴᠤᠴᠠᠯᠪᠠ    ᠡᠯ᠎ᠡ ᠭᠠᠵᠠᠷ ᠤᠨ ᠬᠢᠨ ᠪᠡᠶ᠎ᠡ ᠪᠠᠨ ᠳᠠᠭᠠᠭᠠᠵᠤ ᠨᠦᠬᠦᠪᠦᠷᠢ ᠣᠯᠭᠤᠬᠤ ᠠᠷᠭ᠎ᠠ ᠬᠡᠮᠵᠢᠶ᠎ᠡ ᠳᠣᠭᠲᠠᠭᠠᠬᠤ ᠶᠢ ᠨᠢ ᠵᠣᠷᠢᠭᠵᠢᠭᠤᠯᠵᠤ᠂ ᠬᠠᠭᠤᠴᠢᠨ ᠭᠡᠷ ᠪᠠᠶᠢᠰᠢᠩ ᠢ ᠵᠠᠰᠠᠵᠤ ᠴᠢᠮᠡᠬᠦ᠂ ᠲᠣᠭᠤᠭᠠᠨ ᠭᠡᠷ ᠵᠣᠷᠯᠣᠩ ᠵᠡᠷᠭᠡ ᠬᠡᠰᠡᠭ ᠭᠠᠵᠠᠷ ᠢ ᠥᠭᠡᠷᠡᠴᠢᠯᠡᠨ ᠵᠠᠰᠠᠬᠤ ᠪᠠ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠨ ᠵᠠᠰᠠᠬᠤ ᠵᠡᠷᠭᠡ ᠳᠤ ᠬᠡᠷᠡᠭᠰᠡᠬᠦ ᠡᠳ᠋ ᠪᠤᠳᠠᠰ ᠪᠣᠯᠣᠨ ᠮᠠᠲ᠋ᠧᠷᠢᠶᠠᠯ ᠳᠤ ᠨᠦᠬᠦᠪᠦᠷᠢ ᠣᠯᠭᠤᠵᠤ᠂ ᠢᠵᠢ ᠪᠦᠷᠢ ᠳᠤ ᠬᠠᠮᠤᠭ ᠤᠨ ᠥᠨᠳᠥᠷ ᠲᠤ ᠪᠠᠨ 2 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ    ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠲᠤᠭ᠎ᠠ ᠶᠢᠨ ᠳᠡᠭᠡᠳᠦ ᠬᠢᠵᠠᠭᠠᠷ ᠢ ᠵᠦᠢ ᠵᠣᠬᠢᠰᠲᠠᠢ ᠳᠡᠭᠡᠭᠰᠢᠯᠡᠭᠦᠯᠬᠦ ᠶᠢ ᠨᠢ ᠳᠡᠮᠵᠢᠵᠦ᠂ ᠣᠯᠠᠨ ᠬᠡᠦᠬᠡᠳ ᠲᠠᠢ ᠭᠡᠷ ᠪᠦᠯᠢ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠢᠨ ᠠᠪᠴᠢᠷᠠᠬᠤ ᠵᠡᠷᠭᠡ ᠳᠤ 20% ᠪᠠᠷ ᠵᠢᠭᠡᠯᠡᠯᠭᠡ ᠶᠢᠨ ᠲᠤᠭ᠎ᠠ ᠶᠢ ᠨᠢ ᠳᠡᠭᠡᠭᠰᠢᠯᠡᠭᠦᠯᠵᠦ ᠪᠣᠯᠤᠨ᠎ᠠ    ᠭᠤᠸᠠᠩᠳᠦ᠋ᠩ ᠮᠤᠵᠢ    ᠭᠤᠸᠠᠩᠵᠸᠣ    ᠪᠦᠬᠦ ᠬᠤᠲᠠ ᠶᠢᠨ ᠬᠡᠪᠴᠢᠶᠡᠨ ᠳᠤ ᠣᠷᠣᠨ ᠰᠠᠭᠤᠴᠠ ᠬᠤᠳᠠᠯᠳᠤᠨ ᠠᠪᠬᠤ ᠳᠤ ᠭᠡᠷ ᠪᠠᠶᠢᠰᠢᠩ ᠬᠤᠳᠠᠯᠳᠤᠨ ᠠᠪᠬᠤ ᠬᠢᠷᠢ ᠬᠡᠮ ᠢ ᠨᠢ ᠳᠠᠬᠢᠵᠤ ᠬᠢᠨᠠᠨ ᠬᠠᠷᠭᠤᠭᠤᠯᠬᠤ ᠦᠭᠡᠢ ᠪᠣᠯᠵᠤ᠂ ᠭᠡᠷ ᠪᠠᠶᠢᠰᠢᠩ ᠬᠤᠳᠠᠯᠳᠤᠨ ᠠᠪᠬᠤ ᠲᠤᠭ᠎ᠠ ᠶᠢ ᠨᠢ ᠳᠠᠬᠢᠵᠤ ᠬᠢᠵᠠᠭᠠᠷᠯᠠᠬᠤ ᠦᠭᠡᠢ ᠪᠣᠯᠪᠠ    ᠱᠧᠨᠵᠧᠨ    ᠲᠣᠭᠤᠷᠢᠭ ᠬᠤᠪᠢᠶᠠᠨ ᠣᠷᠣᠨ ᠰᠠᠭᠤᠴᠠ ᠬᠤᠳᠠᠯᠳᠤᠨ ᠠᠪᠬᠤ ᠶᠢ ᠨᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ    ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠰᠢᠯᠵᠢᠭᠦᠯᠦᠨ ᠥᠭᠬᠦ ᠬᠢᠵᠠᠭᠠᠷᠯᠠᠯ ᠢ ᠴᠤᠴᠠᠯᠪᠠ    ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠦᠨ᠎ᠡ ᠬᠠᠩᠰᠢ ᠶᠢ ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠪᠡ    ᠬᠤᠪᠢ ᠬᠦᠮᠦᠨ ᠤ ᠣᠷᠣᠨ ᠰᠠᠭᠤᠴᠠ ᠶᠢᠨ ᠰᠢᠯᠵᠢᠭᠦᠯᠦᠨ ᠦᠭᠬᠦ ᠥᠷᠲᠡᠭ ᠨᠡᠮᠡᠭᠳᠡᠯ ᠤᠨ ᠭᠠᠶᠢᠯᠢ ᠶᠢᠨ ᠲᠠᠲᠠᠪᠤᠷᠢᠯᠠᠬᠤ ᠠᠴᠠ ᠬᠡᠯᠲᠦᠷᠢᠭᠦᠯᠬᠦ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ    ᠹᠦᠸᠧ ᠱᠠᠨ    ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠭᠠᠷᠭᠠᠨ ᠠᠪᠴᠤ ᠣᠷᠣᠨ ᠰᠠᠭᠤᠴᠠ ᠬᠤᠳᠠᠯᠳᠤᠨ ᠠᠪᠬᠤ ᠠᠩᠬ᠎ᠠ ᠲᠤᠰᠢᠶᠠᠬᠤ ᠵᠣᠭᠤᠰ ᠲᠥᠯᠥᠬᠦ ᠶᠢ ᠨᠢ ᠵᠥᠪᠰᠢᠶᠡᠷᠡᠨ᠎ᠡ    ᠵᠢᠶᠠᠩᠰᠦ ᠮᠤᠵᠢ    ᠨᠠᠨᠵᠢᠩ    20 ᠳ᠋ᠦᠩᠰᠢᠭᠤᠷ ᠲᠦᠭᠦᠷᠢᠭ ᠣᠷᠴᠢᠮ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠬᠡᠵᠦ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ 9 ᠲᠠᠯ᠎ᠠ ᠶᠢᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠳᠡᠮᠵᠢᠨ᠎ᠡ    ᠡᠦ ᠰᠢ    ᠪᠠᠶᠢᠭ᠎ᠠ ᠲᠣᠭᠤᠷᠢᠭ ᠢᠶᠠᠷ ᠨᠢ ᠠᠩᠬᠠᠳᠠᠭᠴᠢ ᠢᠵᠢ ᠣᠷᠣᠨ ᠰᠠᠭᠤᠴᠠ ᠶᠢ ᠨᠢ ᠦᠨᠡᠮᠰᠢᠨ᠎ᠡ    ᠲᠤᠷᠰᠢᠯᠲᠠ ᠶᠢᠨ ᠴᠡᠭ ᠨᠢ ᠬᠠᠮᠲᠤ ᠪᠠᠷ ᠥᠮᠴᠢᠯᠡᠬᠦ ᠡᠷᠬᠡ ᠶᠢᠨ ᠬᠡᠯᠪᠡᠷᠢ ᠪᠠᠷ ᠣᠨᠴᠠ ᠲᠣᠭᠲᠠᠭᠰᠠᠨ ᠬᠥᠮᠥᠰ ᠲᠤ ᠲᠠᠸᠠᠷ ᠤᠨ ᠣᠷᠣᠨ ᠰᠠᠭᠤᠴᠠ ᠬᠤᠳᠠᠯᠳᠤᠨ᠎ᠠ    ᠬᠤᠪᠧᠢ ᠮᠤᠵᠢ    ᠦᠬᠠᠨ    10 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠣᠷᠣᠨ ᠰᠠᠭᠤᠴᠠ ᠬᠤᠳᠠᠯᠳᠤᠨ ᠠᠪᠬᠤ ᠬᠠᠷᠠᠭᠠᠯᠵᠠᠯ ᠤᠨ ᠳᠡᠮᠵᠢᠯᠭᠡ ᠦᠵᠡᠭᠦᠯᠵᠦ᠂ ᠠᠩᠬᠠᠳᠠᠭᠴᠢ ᠢᠵᠢ ᠣᠷᠣᠨ ᠰᠠᠭᠤᠴᠠ ᠳᠤ ᠣᠷᠣᠨ ᠰᠠᠭᠤᠴᠠ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢ ᠬᠠᠮᠤᠭ ᠤᠨ ᠥᠨᠳᠥᠷ ᠲᠤ ᠪᠠᠨ ᠪᠥᠬᠦ ᠲᠤᠭ᠎ᠠ ᠪᠠᠷ ᠨᠢ ᠨᠥᠬᠦᠪᠦᠷᠢᠯᠡᠵᠦ ᠪᠣᠯᠣᠨ᠎ᠠ    ᠡᠩ ᠤᠨ ᠣᠷᠣᠨ ᠰᠠᠭᠤᠴᠠ ᠪᠣᠯᠤᠨ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠴᠤᠴᠠᠯᠪᠠ    ᠨᠡᠭᠡᠭᠡᠨ ᠬᠦᠭᠵᠢᠬᠦᠯᠬᠦ ᠠᠵᠦ ᠠᠬᠤᠶᠢᠯᠠᠯ ᠤᠳ ᠢᠵᠢ ᠳᠣᠳᠣᠷᠡᠬᠢ ᠳᠡᠯᠡᠪᠡᠢ ᠪᠤᠶᠤ ᠢᠵᠢ ᠪᠠᠷ ᠦᠨ᠎ᠠ ᠪᠤᠳᠣᠬᠤ ᠠᠷᠭ᠎ᠠ ᠮᠠᠶ᠋ᠢᠭ ᠢ ᠰᠣᠩᠭᠤᠵᠤ ᠳᠡᠸᠡᠷ ᠤᠨ ᠣᠷᠣᠨ ᠰᠠᠭᠤᠴᠠ ᠪᠠᠨ ᠪᠤᠷᠣᠯᠠᠭᠤᠯᠬᠤ ᠶᠢ ᠨᠢ ᠵᠣᠷᠢᠠᠠᠵᠢᠭᠤᠯᠥᠨ᠎ᠠ    ᠱᠠᠨᠳᠦ᠋ᠩ ᠮᠤᠵᠢ    ᠵᠢᠨᠠᠨ    ᠬᠤᠶᠠᠷ ᠵᠢᠴᠢ ᠲᠡᠭᠦᠨ ᠠᠴᠠ ᠳᠡᠭᠡᠭᠰᠢᠬᠢ ᠬᠡᠦᠬᠡᠳ ᠲᠠᠢ ᠭᠡᠷ ᠪᠦᠯᠢ ᠨᠢ ᠵᠢᠨᠠᠨ ᠬᠤᠲᠠ ᠠᠴᠠ ᠥᠪᠡᠰᠦᠪᠡᠨ ᠰᠠᠭᠤᠬᠤ ᠡᠩ ᠤᠨ ᠣᠷᠣᠨ ᠰᠠᠭᠤᠴᠠ ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ ᠪᠣᠯ᠂ ᠬᠠᠮᠤᠭ ᠤᠨ ᠦᠨᠳᠦᠷ ᠵᠢᠭᠡᠯᠡᠯᠭᠡ ᠶᠢᠨ ᠲᠤᠭ᠎ᠠ ᠶᠢ ᠭᠡᠷ ᠪᠦᠯᠢ ᠶᠢᠨ ᠲᠤᠰ ᠬᠤᠭᠤᠴᠠᠭᠠᠨ ᠤ ᠬᠠᠮᠤᠭ ᠤᠨ ᠦᠨᠳᠦᠷ ᠵᠢᠭᠡᠯᠡᠯᠭᠡ ᠶᠢᠨ ᠬᠢᠵᠠᠭᠠᠷ ᠲᠤᠭ᠎ᠠ ᠶᠢ ᠦᠨᠳᠦᠰᠦᠯᠡᠨ 30% ᠪᠠᠷ ᠦᠰᠭᠡᠨ᠎ᠡ    ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠬᠡᠷᠡᠭᠯᠡᠵᠦ ᠥᠩᠭᠡᠷᠡᠭᠰᠡᠨ ᠦᠭᠡᠢ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠭᠡᠷ ᠪᠦᠯᠢ ᠨᠢ ᠬᠤᠶᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ ᠪᠣᠯ᠂ ᠠᠩᠬᠠᠳᠠᠭᠴᠢ ᠣᠷᠣᠨ ᠰᠠᠭᠤᠴᠠ ᠪᠠᠷ ᠦᠨᠡᠮᠰᠢᠨ᠎ᠡ    ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ    
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号