ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠶᠠᠰᠤ ᠴᠢᠨᠠᠷ ᠤᠨ ᠠᠮᠤᠷ ᠲᠦᠪᠰᠢᠨ ᠢ ᠴᠢᠩᠭ᠎ᠠ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠡᠷᠡᠭᠦᠯ ᠮᠡᠨᠳᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/10/25
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠢᠳᠡᠭᠡᠨ ᠤᠮᠳᠠᠭᠠᠨ ᠢ ᠤᠯᠠᠮ ᠨᠢᠭᠡ ᠠᠯᠬᠤᠮ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠶᠠᠰᠤ ᠴᠢᠨᠠᠷ ᠤᠨ ᠠᠮᠤᠷ ᠲᠦᠪᠰᠢᠨ ᠢ ᠴᠢᠩᠭ᠎ᠠ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠡᠷᠡᠭᠦᠯ ᠮᠡᠨᠳᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
39241.png   
    ᠪᠠᠶᠢᠴᠠᠭᠠᠯᠲᠠ ᠶᠢᠨ ᠬᠤᠭᠤᠴᠠᠭᠠᠨ ᠳᠤ᠂ ᠠᠵᠢᠯᠲᠠᠳ ᠡᠯ᠎ᠡ ᠵᠦᠢᠯ ᠤᠨ ᠢᠳᠡᠭᠡᠨ ᠤ ᠦᠢᠯᠡᠳᠪᠦᠷᠢᠯᠡᠯ ᠤᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠢᠴᠢ ᠬᠠᠳᠠᠭᠠᠯᠠᠬᠤ ᠨᠥᠬᠦᠴᠡᠯ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠪᠠᠶᠢᠴᠠᠭᠠᠨ ᠦᠵᠡᠪᠡ᠃ ᠡᠵᠡᠩᠨᠡᠯᠲᠡ ᠶᠢᠨ ᠭᠠᠵᠠᠷ ᠤᠨ ᠡᠷᠡᠭᠦᠯ ᠬᠠᠮᠠᠭᠠᠯᠠᠯ ᠤᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠡᠵᠡᠩᠨᠡᠯᠲᠡ ᠶᠢᠨ ᠡᠷᠦᠬᠡ ᠶᠢ ᠰᠢᠮᠳᠠᠭᠤᠯᠵᠤ ᠪᠠᠶᠢᠭᠠᠳ ᠬᠤᠷᠣᠬᠠᠶ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠳᠤᠯᠠᠬᠤ ᠬᠡᠷᠡᠭᠲᠡᠢ ᠭᠡᠪᠡ᠃ ᠡᠭᠦᠨ ᠤ ᠬᠠᠮᠲᠤ᠂ ᠠᠵᠢᠯᠲᠠᠳ ᠡᠵᠡᠩᠨᠡᠯᠲᠡ ᠶᠢᠨ ᠡᠷᠦᠬᠡ ᠳᠤ ᠢᠳᠡᠭᠡᠨ ᠤ ᠠᠮᠤᠷ ᠲᠦᠪᠰᠢᠨ ᠤ ᠮᠡᠳᠡᠯᠭᠡ ᠬᠢᠭᠡᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠨᠢᠮᠪᠠᠶ ᠲᠦᠭᠡᠮᠡᠯᠵᠢᠭᠦᠯᠵᠦ᠂ ᠢᠳᠡᠭᠡᠨ ᠤ ᠠᠮᠤᠷ ᠲᠦᠪᠰᠢᠨ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠡᠮᠡᠭᠳᠡᠭᠦᠯᠪᠡ᠃
39242.png  
    ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠢᠳᠡᠭᠡᠨ ᠤ ᠬᠤᠳᠠᠯᠳᠤᠭᠠᠴᠢᠨ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠪᠠᠭᠤᠷᠠᠭᠤᠯᠪᠠ᠃ ᠵᠠᠯᠭᠠᠭᠠᠳ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠳᠦᠷ ᠲᠤᠲᠤᠮ ᠤᠨ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠥᠷᠭᠡᠨ ᠣᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠣᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号