ᠵᠢᠩᠭᠢᠨᠢ ᠪᠠᠷ ᠫᠠᠶᠢᠰᠠ ᠪᠠᠨ ᠰᠡᠭᠦᠯ᠎ᠡ
ᠨᠡᠶᠢᠲᠡᠯᠡᠭᠰᠡᠨ ᠴᠠᠭ᠄
2024/10/28
    10 ᠰᠠᠷ᠎ᠠ ᠶᠢᠨ 26 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠪᠡᠭᠡᠵᠢᠩ ᠶᠡᠭᠡ ᠰᠤᠷᠭᠠᠭᠤᠯᠢ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠠᠮᠲᠤᠷᠠᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠶᠣᠰᠣᠯᠠᠯ ᠳᠤ ᠣᠷᠣᠯᠴᠠᠪᠠ᠃
640.jpg    
    ᠲᠣᠰ ᠤᠳᠠᠭᠠᠨ ᠤ ᠬᠠᠮᠲᠤᠷᠠᠯᠴᠠᠭ᠎ᠠ ᠶᠢᠨ ᠠᠮᠵᠢᠯᠲᠠ ᠲᠠᠢ ᠫᠠᠶᠢᠰᠠ ᠰᠡᠭᠦᠭᠰᠡᠨ ᠨᠢ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠡᠮᠨᠡᠯᠭᠡ ᠶᠢᠨ ᠬᠤᠷᠢᠶ᠎ᠠ ︽ᠡᠪᠡᠳᠴᠢᠲᠡᠨ ᠢᠶᠠᠷ ᠭᠤᠣᠯ ᠪᠣᠯᠭᠠᠵᠤ᠂ ᠶᠠᠰᠤ ᠴᠢᠨᠠᠷ ᠢᠶᠠᠷ ᠭᠤᠣᠯ ᠪᠣᠯᠭᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠡᠮᠴᠢᠯᠡᠭᠡᠨ ᠤ ᠮᠡᠷᠭᠡᠵᠢᠯ ᠤᠨ ᠲᠦᠪᠰᠢᠨ ᠪᠣᠯᠤᠨ ᠦᠢᠯᠡᠴᠢᠯᠡᠭᠡᠨ ᠤ ᠶᠠᠰᠤ ᠴᠢᠨᠠᠷ  ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠡᠪᠡᠳᠴᠢᠲᠡᠨ ᠳᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃    ᠬᠠᠶᠢᠷᠤᠪ ᠤᠨ ᠲᠤᠬᠤᠢ ᠲᠣᠭᠤᠷᠢᠭ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠪᠣᠯᠤᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ ᠤ ᠡᠷᠡᠭᠦᠯ ᠮᠡᠨᠳᠤ ᠠᠵᠠ ᠵᠢᠷᠭᠠᠯ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号