ᠴᠡᠭᠡᠯ ᠠᠭᠤᠯᠠ ᠪᠠᠯᠭᠠᠰᠤᠨ ᠤ ᠡᠪᠯᠡᠯ ᠤᠨ ᠬᠤᠷᠢᠶ᠎ᠠ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠲᠠᠢ ᠬᠠᠮᠲᠤᠷᠠᠨ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠯᠠᠭᠤᠴᠤᠳ ᠤᠨ ᠡᠪᠯᠡᠯ ᠤᠨ ᠭᠡᠰᠢᠭᠦᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠵᠠᠯᠠᠭᠤ ᠨᠠᠰᠤᠨ ᠤ ᠬᠦᠴᠦᠨ ᠢ ᠨᠢᠭᠲᠠᠷᠠᠭᠤᠯᠵᠤ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠡᠷᠢᠯᠬᠢᠯᠡᠬᠦ ᠶᠢᠨ ᠲᠥᠯᠥᠭᠡ᠂ 9 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠴᠡᠭᠡᠯ ᠠᠭᠤᠯᠠ ᠪᠠᠯᠭᠠᠰᠤᠨ ᠤ ᠡᠪᠯᠡᠯ ᠤᠨ ᠬᠤᠷᠢᠶ᠎ᠠ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠯᠤᠭ᠎ᠠ ᠬᠠᠮᠲᠤᠷᠠᠨ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ᠢᠳᠡᠪᠬᠢᠲᠡᠶ ᠬᠦᠷᠢᠶᠡᠯᠡᠯ ᠢ ᠣᠯᠵᠤ᠂ ᠴᠡᠭᠡᠯ ᠠᠭᠤᠯᠠ ᠪᠠᠯᠭᠠᠰᠤᠨ ᠤ ᠡᠪᠯᠡᠯ ᠤᠨ ᠬᠤᠷᠢᠶ᠎ᠠ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠡᠪᠯᠡᠯ ᠤᠨ ᠡᠭᠦᠷ ᠤᠨ ᠱᠦᠵᠢ᠂ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠨᠡᠶᠢᠲᠡ 20 ᠭᠠᠷᠤᠶ ᠬᠥᠮᠦᠨ ᠬᠤᠷᠠᠯ ᠳᠤ ᠣᠷᠣᠯᠴᠠᠵᠠᠶ᠃
38555.png   
    ᠬᠤᠷᠠᠯ ᠳᠡᠭᠡᠷ᠎ᠡ᠂ ᠡᠪᠯᠡᠯ ᠤᠨ ᠬᠤᠷᠢᠶᠠᠨ ᠤ ᠳᠡᠳ᠋ ᠱᠦᠵᠢ ᠵᠠᠩ ᠶᠤᠸᠠᠨ ᠶᠤᠸᠠᠨ ᠨᠥᠬᠦᠷ ᠭᠤᠣᠯ ᠶᠠᠷᠢᠶᠠᠨ ᠤ ᠵᠣᠴᠢᠨ ᠤ ᠲᠤᠰᠢᠶᠠᠯ ᠢ ᠡᠭᠦᠷᠭᠡᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠤᠬᠠᠭᠤᠯᠤᠨ ᠲᠠᠶᠢᠯᠪᠤᠷᠢᠯᠠᠬᠤ ᠨᠢ ᠣᠳᠣᠬᠠᠨ ᠤ ᠪᠠᠶᠢᠳᠠᠯ ᠡᠭᠦᠷᠭᠡ ᠲᠠᠢ ᠨᠢᠭᠲᠠ ᠤᠶᠠᠯᠳᠤᠭᠤᠯᠵᠤ᠂ ᠤᠨᠤᠯ ᠤᠨ ᠦᠨᠳᠦᠷᠴᠡ ᠲᠠᠢ ᠪᠥᠭᠡᠳ ᠵᠠᠯᠠᠭᠤᠴᠤᠳ ᠤᠨ ᠪᠣᠳᠠᠲᠤ ᠪᠠᠶᠢᠳᠠᠯ ᠲᠠᠢ ᠣᠶᠢᠷᠠᠲᠤᠵᠤ᠂ ᠬᠤᠷᠠᠯ ᠳᠤ ᠣᠷᠣᠯᠴᠠᠭᠰᠠᠳ ᠲᠤ ᠪᠥᠬᠦᠳᠡ ᠬᠤᠷᠠᠯ ᠠᠴᠠ ᠳᠤᠷᠠᠳᠤᠭᠰᠠᠨ ᠡᠯ᠎ᠡ ᠵᠤᠶᠢᠯ ᠤᠨ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠨᠢ ᠨᠠᠮ ᠪᠣᠯᠤᠨ ᠤᠯᠤᠰ ᠤᠨ ᠠᠵᠢᠯ   ᠤᠶᠢᠯᠡᠰ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠤᠯᠪᠠ᠃    ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠵᠠᠩ ᠶᠤᠸᠠᠨ ᠶᠤᠸᠠᠨ ᠨᠥᠬᠦᠷ ᠪᠠᠰᠠ ᠪᠦᠭᠦᠳᠡ ᠬᠤᠷᠠᠯ ᠠᠴᠠ ᠳᠤᠷᠠᠳᠤᠭᠰᠠᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠪᠯᠡᠯ ᠤᠨ ᠬᠤᠷᠢᠶᠠᠨ ᠤ ᠳᠡᠭᠡᠷ᠎ᠡ ᠬᠠᠭᠠᠰ ᠵᠢᠯ ᠳᠤ ᠥᠷᠨᠢᠭᠦᠯᠦᠭᠰᠡᠨ ︽6 · 1 ᠪᠢᠴᠢᠯ ᠬᠦᠰᠡᠯ ᠡᠷᠡᠮᠡᠯᠵᠡᠯ︾ ᠢ ᠴᠤᠭᠯᠠᠭᠤᠯᠬᠤ᠂ ᠬᠤᠳᠠ ᠶᠢᠨ ᠳᠠᠷᠤᠭ᠎ᠠ ᠶᠢᠨ ᠰᠤᠷᠤᠯᠭ᠎ᠠ ᠶᠢ ᠲᠡᠳᠬᠦᠬᠦ ᠮᠡᠳᠡᠭᠦᠯᠦᠯᠲᠡ ᠵᠡᠷᠭᠡ ᠡᠳᠦᠷ ᠲᠤᠳᠤᠮ ᠤᠨ ᠠᠵᠢᠯ ᠲᠠᠢ ᠨᠢᠭᠲᠠ ᠤᠶᠠᠯᠳᠤᠭᠤᠯᠵᠤ᠂ ᠵᠠᠯᠠᠭᠤᠴᠤᠳ ᠤᠨ ᠡᠪᠯᠡᠯ ᠤᠨ ᠭᠡᠰᠢᠭᠦᠳ ᠲᠤ ᠠᠮᠢᠳᠤᠯᠢᠭ ᠪᠥᠭᠡᠳ ᠦᠢᠯᠡᠳᠦᠯᠭᠡ ᠶᠢᠨ ᠠᠴᠢ ᠬᠤᠯᠪᠣᠭᠳᠠᠯ ᠲᠠᠢ ᠬᠢᠴᠢᠶᠡᠯ ᠣᠷᠣᠭᠤᠯᠤᠭᠰᠠᠨ ᠪᠠᠶᠢᠨ᠎ᠠ᠃ ᠲᠡᠷᠡ᠂ ᠡᠪᠯᠡᠯ ᠤᠨ ᠬᠤᠷᠢᠶ᠎ᠠ ᠵᠠᠯᠠᠭᠤᠴᠤᠳ ᠲᠠᠢ ᠬᠠᠷᠢᠯᠴᠠᠬᠤ᠂ ᠵᠠᠯᠠᠭᠤᠴᠤᠳ ᠲᠤ ᠦᠢᠯᠡᠴᠢᠯᠡᠬᠦ ᠬᠥᠭᠦᠷᠭᠡ ᠪᠠ ᠬᠤᠯᠪᠣᠭᠠᠰᠤ ᠪᠣᠯᠤᠭᠰᠠᠨ ᠤ ᠬᠤᠪᠢ ᠳᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠪᠠᠷ ᠪᠠᠷᠠᠬᠤ ᠦᠭᠡᠢ ᠨᠡᠩ ᠴᠤ ᠲᠡᠭᠦᠨ ᠢ ᠠᠵᠢᠯ ᠢᠶᠠᠨ ᠠᠬᠢᠭᠤᠯᠬᠤ᠂ ᠵᠠᠯᠠᠭᠤᠴᠤᠳ ᠲᠤ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃    ᠳᠠᠷᠠᠭᠠᠴᠢ ᠶᠢᠨ ᠠᠯᠬᠤᠮ ᠳᠤ᠂ ᠴᠡᠭᠡᠯ ᠠᠭᠤᠯᠠ ᠪᠠᠯᠭᠠᠰᠤᠨ ᠤ ᠡᠪᠯᠡᠯ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠬᠤ ᠠᠷᠭ᠎ᠠ ᠵᠠᠮ ᠢᠶᠠᠨ ᠥᠷᠭᠡᠳᠬᠡᠵᠦ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠣᠯᠭᠠᠵᠤ᠂ ᠴᠡᠭᠡᠯ ᠠᠭᠤᠯᠠ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号