ᠭᠦᠸᠧ ᠢ ᠵᠢᠶᠧ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦᠨ ᠤ ᠠᠵᠤ ᠠᠬᠤᠶᠢᠯᠠᠯ ᠤᠨ ᠠᠵᠤ ᠠᠬᠤᠢ ᠶᠢᠨ ᠠᠵᠢᠯᠯᠠᠭᠠᠨ ᠵᠢᠴᠢ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/1
    10 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦᠨ ᠤ ᠠᠵᠤ ᠠᠬᠤᠶᠢᠯᠠᠯ ᠤᠨ ᠠᠵᠤ ᠠᠬᠤᠢ ᠶᠢᠨ ᠠᠵᠢᠯᠯᠠᠭᠠᠨ ᠵᠢᠴᠢ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠪᠠᠢ ᡁᠢ ᠯᠦᠩ᠂ ᠦ᠋ ᠬᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
640.jpg   
    ᠭᠦᠸᠧ ᠢ ᠵᠢᠶᠧ ᠨᠠᠷ ᠤᠷᠢᠳ ᠬᠤᠵᠢᠳ ᠶᠢᠨ ᠷᠦᠩ ᠪᠠᠢ ᠴᠤᠸᠠᠨ ᠤ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠡᠳ᠋ᠰᠢᠭᠦᠯᠬᠦ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ᠂ ᠨᠥᠬᠦᠷᠯᠡᠯ ᠨᠠᠷᠢᠯᠢᠭ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠤᠸᠠᠢ ᠵᠢᠶᠠ ᠴᠠᠩ ᠴᠧᠩ 1 ᠬᠡᠰᠡᠭ᠂ ᠦᠬᠠᠶ ᠬᠤᠲᠠ ᠶᠢᠨ ᠰᠢᠨ ᠰᠢᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠠᠭᠠᠨ ᠭᠤᠤ᠂ ᠴᠡᠭᠡᠯ ᠠᠭᠤᠯᠠᠨ ᠤ ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠠᠵᠢᠯᠯᠠᠭᠠᠨ ᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠰᠠᠨᠠᠯ ᠪᠠ ᠰᠠᠨᠠᠭᠤᠯᠭ᠎ᠠ ᠶᠢ ᠰᠣᠨᠣᠰᠤᠭᠰᠠᠨ ᠪᠥᠭᠡᠳ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠳᠤᠮᠳᠠ ᠲᠣᠳᠣᠷᠬᠠᠶ ᠱᠠᠭᠠᠷᠳᠠᠯᠭ᠎ᠠ ᠳᠤᠷᠠᠳᠪᠠ᠃    ᠭᠦᠸᠧ ᠢ ᠵᠢᠶᠧ ᠬᠡᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠭᠦᠷᠡᠰᠦᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠪᠣᠯᠤᠨ ᠦᠢᠯᠡᠳᠬᠦᠨ ᠢ ᠨᠠᠷᠢᠯᠢᠭ ᠡᠳ᠋ᠰᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠬᠡᠷᠡᠭᠲᠡᠢ︔ ᠬᠠᠮᠢᠶ᠎ᠠ ᠪᠥᠬᠦᠶ ᠨᠢᠭᠡᠴᠡ᠂ ᠠᠵᠤ ᠠᠬᠤᠶᠢᠯᠠᠯ ᠤᠨ ᠬᠢᠨ ᠠᠭᠤᠷᠬᠠᠶ ᠶᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠬᠢ ᠡᠭᠦᠰᠦᠯ ᠠᠴᠠ ᠨᠢ ᠠᠰᠠᠭᠤᠳᠠᠯ ᠢ ᠰᠢᠢᠳᠪᠦᠷᠢᠯᠡᠵᠦ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠠᠭᠤᠷᠬᠠᠶ ᠶᠢ ᠵᠠᠰᠠᠨ ᠰᠡᠷᠭᠦᠭᠡᠬᠦ᠂ ᠣᠷᠴᠢᠨ ᠲᠣᠭᠤᠷᠢᠨ ᠢ ᠵᠠᠰᠠᠬᠤ ᠵᠡᠷᠭᠡ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ︔ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ︔ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ︾ ᠶᠢ ᠪᠠᠷᠢᠮᠲᠠᠯᠠᠵᠤ᠂ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠲᠤᠬᠠᠶ ᠶᠢᠨ ᠲᠠᠯᠠᠪᠤᠷ ᠤᠨ ᠠᠵᠢᠯᠲᠠᠨ ᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠤ ᠬᠡᠯᠡᠪᠡ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号