ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾ ᠶᠢᠨ ᠲᠤᠰᠬᠠᠢ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ  ᠦᠷᠨᠢᠭᠦᠯᠪᠡ
ᠨᠡᠶᠢᠲᠡᠯᠡᠭᠰᠡᠨ ᠴᠠᠭ᠄
2024/11/14
    ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠵᠤ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠵᠢᠯ ᠢ ᠵᠢᠷᠤᠮᠵᠢᠭᠤᠯᠬᠤ ᠶᠢᠨ ᠲᠥᠯᠥᠭᠡ᠂ 11 ᠰᠠᠷ᠎ᠠ ᠶᠢᠨ 6 ᠤ ᠦᠳᠡ ᠶᠢᠨ ᠬᠤᠶᠢᠨ᠎ᠠ᠂ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾ ᠶᠢᠨ ᠲᠤᠰᠬᠠᠢ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠨᠠᠮ ᠤᠨ ᠠᠵᠢᠯ ᠤᠨ ᠠᠵᠢᠯᠲᠠᠳ ᠲᠤᠰ ᠤᠳᠠᠭ᠎ᠠ ᠶᠢᠨ ᠬᠤᠷᠠᠯ ᠳᠤ ᠣᠷᠣᠯᠴᠠᠵᠠᠢ᠃
40767.png  
    ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠵᠣᠬᠢᠶᠠᠨ ᠪᠠᠶᠢᠭᠤᠯᠬᠤ ᠭᠡᠰᠢᠭᠦᠨ ᠯᠢ ᠯᠢ ᠰᠢᠤᠸᠠᠢ ᠪᠣᠯᠪᠠᠰᠤᠷᠠᠯ ᠳᠤ ᠣᠷᠣᠯᠴᠠᠭᠰᠠᠨ ᠪᠦᠬᠦ ᠨᠠᠮ ᠤᠨ ᠭᠡᠰᠢᠭᠦᠨ ᠢ ᠳᠠᠭᠠᠭᠤᠯᠵᠤ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾ ᠶᠢᠨ ᠭᠤᠣᠯ ᠠᠭᠤᠯᠭ᠎ᠠ ᠶᠢ ᠰᠤᠷᠤᠯᠴᠠᠵᠤ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠰᠢᠢᠳᠪᠦᠷᠢᠯᠡᠬᠦ ᠵᠠᠷᠴᠢᠮ᠂ ᠬᠡᠷᠡᠭᠯᠡᠬᠦ ᠪᠠᠶᠢᠳᠠᠯ᠂ ᠰᠢᠢᠳᠪᠦᠷᠢᠯᠡᠬᠦ ᠲᠡᠰ ᠳᠠᠷᠠᠭᠠᠯᠠᠯ ᠵᠡᠷᠭᠡ ᠳᠤ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃ ᠡᠯ᠎ᠡ ᠨᠠᠮ ᠤᠨ ᠡᠭᠦᠷ︽ᠠᠷᠭ᠎ᠠ︾ ᠶᠢᠨ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠵᠦ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠰᠢᠢᠳᠪᠦᠷᠢᠯᠡᠬᠦ ᠠᠷᠭ᠎ᠠ ᠶᠢᠨ ᠰᠤᠷᠤᠯᠴᠠᠯᠭ᠎ᠠ ᠶᠢ ᠨᠠᠮ ᠤᠨ ᠭᠡᠰᠢᠭᠦᠨ ᠤ ᠡᠳᠦᠷ ᠲᠤᠳᠤᠮ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠤ ᠡᠩᠨᠡᠭᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠵᠠᠯᠠᠷᠠᠭᠤᠯᠵᠤ᠂ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠤᠨ ᠠᠵᠢᠯᠯᠠᠭ᠎ᠠ ᠪᠠᠨ ᠬᠠᠤᠯᠢ ᠶᠣᠰᠣᠭᠠᠷ ᠵᠢᠷᠤᠮᠵᠢᠭᠤᠯᠵᠤ᠂ ᠨᠠᠮ ᠤᠨ ᠭᠡᠰᠢᠭᠦᠨ ᠤ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
40768.png  
    ᠲᠣᠰ ᠤᠳᠠᠭᠠᠨ ᠤ ᠪᠣᠯᠪᠠᠰᠤᠷᠠᠭᠤᠯᠤᠯ ᠨᠢ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠰᠢᠢᠳᠪᠦᠷᠢᠯᠡᠬᠦ ᠠᠵᠢᠯ ᠤᠨ ᠦᠢᠯᠡᠳᠦᠯᠭᠡ ᠶᠢᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠪᠠᠶᠢᠵᠤ᠂ ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠠᠵᠢᠯ ᠤᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠳᠠᠷᠠᠭᠠᠴᠢ ᠶᠢᠨ ᠠᠯᠬᠤᠮ ᠳᠤ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠨᠠᠮ ᠤᠨ ᠭᠡᠰᠢᠭᠦᠨ ᠤ ᠡᠳᠦᠷ ᠲᠤᠳᠤᠮ ᠤᠨ ᠬᠠᠮᠢᠶᠠᠷᠤᠯᠲᠠ ᠶᠢ ᠴᠢᠩᠳᠠᠯᠠᠬᠤ ᠶᠢᠨ ᠬᠠᠮᠲᠤ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠰᠢᠢᠳᠪᠦᠷᠢᠯᠡᠬᠦ ᠠᠵᠢᠯ ᠢ ᠬᠡᠪ ᠤᠨ ᠪᠥᠭᠡᠳ ᠡᠭᠦᠨ ᠤ ᠬᠠᠮᠲᠤ ᠠᠵᠢᠯ ᠤᠨ ᠬᠠᠷᠢᠭᠤᠴᠠᠯᠭ᠎ᠠ ᠪᠠᠨ ᠪᠦᠬᠦ ᠲᠠᠯ᠎ᠠ  ᠪᠠᠷ ᠴᠢᠩᠭ᠎ᠠ ᠠᠳᠬᠤᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾ ᠶᠢ ᠰᠤᠷᠤᠯᠴᠠᠨ ᠲᠤᠤᠱᠯᠠᠭᠤᠯᠬᠤ ᠶᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠵᠤ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号