ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 138 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/19
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 138 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠧᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ᠂ ︽ᠦᠨᠡᠨ︾ ᠰᠡᠳᠬᠦᠯ ᠤᠨ 2024 ᠣᠨ ᠤ 21 ᠳ᠋ᠤᠭᠡᠷ ᠬᠤᠭᠤᠴᠠᠭᠠᠨ ᠤ ᠶᠡᠷᠦᠩᠬᠡᠢ ᠱᠦᠵᠢ ᠶᠢᠨ ︽ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ︾᠂ ︽ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ︵2024 -—2035 ᠣᠨ︶︾ ᠶᠢᠨ ᠲᠤᠬᠠᠢ ᠮᠡᠳᠡᠭᠳᠡᠯ᠂ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠵᠧᠦ ᠶᠢᠨ ᠰᠢᠩ ᠨᠥᠬᠦᠷ ᠤᠨ ᠬᠠᠶᠢᠷᠤᠪ ᠤᠨ ᠲᠤᠬᠤᠢ ᠲᠣᠭᠤᠷᠢᠭ ᠤᠨ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠠᠵᠢᠯ ᠢ ᠰᠣᠨᠣᠰᠴᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠲᠤᠰᠬᠠᠢ ᠳᠤᠭᠤᠶᠢᠯᠠᠩ ᠤᠨ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠵᠡᠷᠭᠡ ᠠᠭᠤᠯᠭ᠎ᠠ ᠶᠢ ᠰᠣᠨᠣᠰᠤᠭᠰᠠᠨ ᠪᠥᠭᠡᠳ ᠬᠠᠶᠢᠷᠤᠪ ᠤᠨ ᠲᠤᠬᠤᠢ ᠶᠢᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠭᠦᠸᠧ ᠢ ᠵᠢᠶᠧ᠂ ᠬᠠᠶᠢᠷᠤᠪ ᠤᠨ ᠲᠤᠬᠤᠢ ᠲᠣᠭᠤᠷᠢᠭ ᠤᠯᠠᠨ ᠤᠳᠠᠭ᠎ᠠ ᠰᠢᠨᠵᠢᠯᠡᠨ ᠪᠠᠶᠢᠴᠠᠭᠠᠵᠤ ᠭᠠᠷᠭᠠᠭᠰᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠪᠦᠬᠦ ᠤᠯᠤᠰ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ ᠵᠢᠭᠰᠠᠭᠠᠯ ᠤᠨ ᠭᠠᠵᠠᠷ ᠲᠤ ᠢᠳᠡᠪᠬᠢᠲᠡᠢ ᠠᠭᠤᠰᠤᠯᠴᠠᠬᠤ ᠬᠡᠷᠡᠭᠲᠡᠢ︔ ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠣᠷᠣᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︔ ᠤᠳᠤ ᠦᠶ᠎ᠡ ᠶᠢᠨ ᠲᠠᠷᠢᠶᠠᠯᠠᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠲᠠᠶᠢᠴᠢᠨ ᠬᠦᠴᠦᠨ ᠪᠣᠯᠤᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠤᠳᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ︔ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠣᠳᠣᠬᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠥᠷᠢᠰᠥᠯᠳᠦᠭᠡᠨ ᠢ ᠵᠥᠪ ᠲᠠᠨᠢᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠤ ᠬᠡᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号