11 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ︽ ᠲᠦᠷᠪᠡ | ᠦᠭᠡᠢ ᠬᠤᠶᠠᠷ ᠰᠢᠭᠤᠳ︾ ᠬᠡᠯᠪᠡᠷᠢ ᠪᠠᠷ ︽ᠦᠨᠡᠮᠯᠡᠯ ᠠᠪᠬᠤ ᠳᠤ ᠬᠦᠴᠢᠷ︾ ᠴᠤᠩᠬᠤᠪᠴᠢ ᠶᠢᠨ ᠨᠢᠭᠡᠴᠡ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠠᠵᠢᠯ ᠥᠷᠨᠢᠭᠦᠯᠪᠡ᠃ | | ᠼᠦᠢ ᠬᠤᠩ ᠪᠥᠸᠧ ᠬᠠᠶᠢᠷᠤᠪ ᠤᠨ ᠲᠤᠬᠤᠢ ᠲᠣᠭᠤᠷᠢᠭ ᠤᠨ ᠤᠯᠠᠨ ᠲᠦᠮᠡᠨ ᠤ ᠣᠷᠣᠨ ᠰᠠᠭᠤᠴᠠ ᠶᠢᠨ ︽ | ᠦᠨᠡᠮᠯᠡᠯ ᠠᠪᠬᠤ ᠳᠤ ᠬᠦᠴᠢᠷ︾ ᠪᠠᠶᠢᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ | ᠴᠤᠩᠬᠤᠪᠴᠢ ᠶᠢ ᠳᠠᠩᠰᠠᠯᠠᠬᠤ ᠦᠢᠯᠡᠴᠢᠯᠡᠭᠡᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ | ᠳᠠᠩᠰᠠᠯᠠᠬᠤ ᠲᠥᠪ ᠤᠨ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ | ᠬᠡᠮᠵᠢᠶ᠎ᠡ ᠶᠢᠨ ᠬᠡᠷᠡᠭᠵᠢᠭᠦᠯᠦᠯᠲᠡ ᠵᠢᠴᠢ ᠴᠤᠩᠬᠤᠪᠴᠢ ᠶᠢ ᠰᠢᠯᠢᠳᠡᠭᠵᠢᠭᠦᠯᠦᠭᠰᠡᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ | ᠼᠦᠢ ᠬᠤᠩ ᠪᠥᠸᠧ ᠣᠳᠣᠬᠠᠨ ᠤ ︽ᠦᠨᠡᠮᠯᠡᠯ ᠠᠪᠬᠤ ᠳᠤ ᠬᠦᠴᠢᠷ︾ ᠪᠠᠶᠢᠬᠤ ᠠᠵᠢᠯ ᠤᠨ ᠦᠷ᠎ᠡ | ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠠᠯᠪᠠᠨ ᠵᠠᠷᠤᠴᠠ ᠶᠢᠨ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠬᠤ ᠶᠢᠨ ᠬᠠᠮᠲᠤ ᠬᠤᠶᠢᠰᠢᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠬᠦ᠂ ᠳᠡᠩᠰᠡᠯᠡᠨ ᠲᠡᠮᠳᠡᠭᠯᠡᠬᠦ ᠦᠷ᠎ᠡ ᠪᠦᠲᠦᠮᠵᠢ ᠶᠢ ᠰᠢᠯᠢᠳᠡᠭᠵᠢᠭᠦᠯᠬᠦ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠪᠠ᠃ | ᠡᠯ᠎ᠡ ᠬᠠᠮᠢᠶ᠎ᠠ ᠪᠥᠬᠦᠶ ᠨᠢᠭᠡᠴᠡ ᠠᠵᠢᠯ ᠤᠨ ᠪᠠᠷᠢᠮᠵᠢᠶ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠥᠨᠳᠡᠯᠡᠨ | ᠴᠢᠭᠯᠡᠯ ᠢᠶᠠᠷ ᠨᠢᠭᠡ ᠴᠣᠭᠴᠠᠵᠢᠭᠤᠯᠬᠤ᠂ ᠭᠤᠯᠳᠤ ᠴᠢᠭᠯᠡᠯ ᠢᠶᠠᠷ ᠳᠥᠭᠦᠮᠴᠢᠯᠡᠬᠦ︾ ᠵᠡᠷᠭᠡ ᠣᠯᠠᠨ ᠲᠠᠯ᠎ᠠ ᠠᠴᠠ ᠣᠯᠠᠨ | ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ | ᠴᠢᠳᠠᠪᠤᠷᠢ ᠪᠠ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠥᠯᠥ ᠬᠥᠳᠡᠯᠬᠦ ᠬᠥᠷᠥᠩᠭᠡ ᠶᠢᠨ | ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ︽ | ᠳᠠᠬᠢᠨ ᠲᠦᠷᠭᠡᠳᠬᠡᠵᠦ︾᠂ ᠦᠢᠯᠡᠴᠢᠯᠡᠭᠡ ᠶᠢ ︽ᠬᠤᠷᠳᠤᠴᠠ︾ ᠲᠠᠢ ᠪᠤᠯᠭᠠᠬᠤ ᠬᠡᠷᠡᠭᠲᠡᠢ ᠭᠡᠪᠡ᠃ |