11 ᠰᠠᠷ᠎ᠠ ᠶᠢᠨ 22 ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠬᠤᠶᠠᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠬᠤᠷᠠᠯ ᠳᠤ ᠣᠷᠣᠯᠴᠠᠵᠤ᠂ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠬᠤᠢ | ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠵᠢᠴᠢ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠦᠬᠦ ᠪᠦᠷᠢᠯᠳᠦᠬᠦᠨ ᠨᠡᠷ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ︾ ᠶᠢ | ᠰᠤᠷᠤᠯᠴᠠᠪᠠ︔ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠦᠬᠠᠶ ᠬᠤᠲᠠ ᠶᠢᠨ ᠬᠠᠶᠢᠷᠤᠪ ᠤᠨ ᠲᠣᠬᠤᠢ | ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠤ ᠪᠡᠶ᠎ᠡ ᠶᠢᠨ ᠲᠠᠮᠢᠷ ᠤᠨ ᠲᠠᠯᠠᠪᠠᠢ ᠵᠢᠴᠢ | ᠲᠠᠮᠢᠷ ᠤᠨ ᠲᠠᠯᠠᠪᠠᠢ ᠶᠢᠨ ᠲᠥᠷᠥᠯ ᠵᠦᠢᠯ ᠤᠨ ᠳᠤᠮᠳᠠᠬᠢ ᠲᠠᠮᠢᠷ ᠤᠨ ᠲᠠᠯᠠᠪᠠᠢ ᠶᠢᠨ ᠢᠨᠵᠧᠨᠧᠷᠢᠩ ᠢ | ᠬᠤᠶᠢᠰᠢᠯᠠᠭᠤᠯᠤᠨ ᠳᠠᠭᠤᠰᠭᠠᠭᠰᠠᠨ ᠲᠤᠬᠠᠶ ᠮᠡᠳᠡᠭᠦᠯᠦᠯᠲᠡ︾᠂ ︽ᠬᠠᠶᠢᠷᠤᠪ ᠤᠨ ᠲᠣᠬᠤᠢ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠭᠦᠭᠴᠢ᠂ ᠪᠠᠶᠢᠴᠠᠭᠠᠬᠤ | ᠲᠤᠰᠢᠶᠠᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠨᠡᠯᠡᠨ ᠶᠠᠷᠢᠯᠴᠠᠭᠰᠠᠨ ᠠᠵᠢᠯ ᠤᠨ ᠪᠠᠶᠢᠳᠠᠯ ᠤᠨ | ᠲᠤᠬᠠᠶ ᠮᠡᠳᠡᠭᠦᠯᠦᠯᠲᠡ︾ ᠵᠡᠷᠭᠡ ᠬᠠᠮᠢᠶ᠎ᠠ ᠪᠦᠬᠦᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ | ᠦᠨᠡᠯᠡᠭᠳᠡᠭᠰᠡᠨ 5 ᠰᠢᠭᠦᠭᠴᠢ᠂ 3 ᠪᠠᠶᠢᠴᠠᠭᠠᠬᠤ ᠲᠤᠰᠢᠶᠠᠯᠲᠠᠨ ᠳᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠡ᠃ | ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠳᠡᠭᠡᠷ᠎ᠡ ᠬᠠᠶᠢᠷᠤᠪ ᠤᠨ ᠲᠣᠬᠤᠶ ᠲᠣᠭᠤᠷᠢᠭ ᠤᠨ ᠠᠳᠠᠯ | ᠠᠬᠤᠶ ᠶᠢᠨ ᠬᠠᠮᠢᠶᠠᠷᠤᠯᠲᠠ ᠶᠢᠨ ᠪᠠᠶᠢᠳᠠᠯ ᠢ ᠲᠤᠰᠬᠠᠶ ᠰᠡᠳᠦᠪ ᠢᠶᠠᠷ ᠯᠠᠪᠯᠠᠨ ᠠᠰᠠᠭᠤᠪᠠ᠃ | |