ᠭᠦᠸᠧ ᠢ ᠵᠢᠶᠧ ᠬᠠᠶᠢᠷᠤᠪ ᠤᠨ ᠲᠤᠬᠤᠢ ᠲᠣᠭᠤᠷᠢᠭ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/28
    ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠠᠶᠢᠷᠤᠪ ᠤᠨ ᠲᠣᠬᠤᠶ ᠲᠣᠭᠤᠷᠢᠭ ᠤᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
640.jpg   
    ᠭᠦᠸᠧ ᠢ ᠵᠢᠶᠧ ᠨᠡᠷ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ C6 ᠬᠢᠨᠠᠨ ᠬᠡᠮᠵᠢᠬᠦ ᠬᠤᠳᠳᠤᠭ᠂ ᠽᠢ ᠭᠤᠸᠠᠩ ᠶᠤᠸᠠᠨ ᠤ ᠭᠠᠵᠠᠷ ᠳᠣᠣᠷᠠᠬᠢ ᠤᠰᠤᠨ ᠬᠤᠳᠳᠤᠭ᠂ ᠬᠤᠳᠠ ᠶᠢᠨ ᠤᠰᠤ ᠬᠠᠩᠭᠠᠬᠤ ᠺᠣᠮᠫᠠᠨᠢ ᠶᠢᠨ ᠤᠰᠤᠨ ᠰᠤᠷᠪᠤᠯᠵᠢ ᠶᠢᠨ ᠬᠤᠳᠳᠤᠭ ᠵᠡᠷᠭᠡ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠳᠠᠲᠠᠢ ᠪᠠᠶᠢᠳᠠᠯ ᠢ ᠨᠠᠷᠢᠨ ᠣᠶᠢᠯᠠᠭᠠᠪᠠ᠃    ᠭᠦᠸᠧ ᠢ ᠵᠢᠶᠧ ᠬᠡᠯᠡᠬᠦ ᠳᠡᠭᠡᠨ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠰᠤᠷᠤᠯᠴᠠᠨ ᠰᠤᠳᠤᠯᠵᠤ᠂ ᠪᠣᠶ ᠪᠥᠬᠦᠶ ᠤᠰᠤᠨ ᠰᠤᠷᠪᠤᠯᠵᠢ ᠶᠢᠨ ᠬᠤᠳᠳᠤᠭ ᠵᠢᠴᠢ ᠬᠠᠮᠢᠶ᠎ᠠ ᠪᠥᠬᠦᠶ ᠤᠰᠤ ᠠᠪᠴᠤ ᠬᠡᠷᠡᠭᠯᠡᠬᠦ ᠭᠠᠷᠳᠠᠮ ᠢ ᠳᠠᠬᠢᠨ ᠡᠮᠬᠢᠯᠡᠨ ᠪᠠᠶᠢᠴᠠᠭᠠᠵᠤ᠂ ᠤᠰᠤ ᠠᠪᠬᠤ ᠬᠤᠳᠳᠤᠭ ᠤᠨ ᠬᠢᠨᠠᠯᠲᠠ ᠬᠠᠮᠢᠶᠠᠷᠤᠯᠲᠠ ᠶᠢ ᠲᠥᠷᠥᠯ ᠬᠤᠪᠢᠶᠠᠨ ᠴᠢᠩᠭᠠᠳᠬᠠᠵᠤ᠂ ᠬᠥᠮᠦᠨ ᠤ ᠤᠤᠭᠤᠬᠤ ᠪᠠ ᠡᠷᠬᠡᠪᠰᠢ ᠦᠯᠡᠳᠡᠭᠡᠬᠦ ᠴᠢᠬᠤᠯᠠᠲᠠᠶ ᠲᠠᠷᠢᠶᠠᠯᠠᠩ ᠤᠨ ᠬᠡᠷᠡᠭᠯᠡᠬᠦ ᠤᠰᠤ ᠶᠢ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠪᠤᠰᠤᠳ ᠤᠰᠤᠨ ᠲᠦᠪᠰᠢᠨ ᠳᠣᠷᠣᠭᠰᠢᠯᠠᠭᠰᠠᠨ ᠬᠤᠳᠳᠤᠭ ᠤᠨ ᠡᠷᠬᠢᠨ ᠲᠣᠭᠤᠷᠢᠨ ᠢ ᠬᠠᠤᠯᠢ ᠶᠣᠰᠣᠭᠠᠷ ᠬᠠᠭᠠᠵᠤ ᠵᠣᠭᠰᠣᠭᠠᠵᠤ᠂ ᠲᠣᠭᠲᠠᠭᠤᠨ ᠢᠶᠠᠷ ᠪᠤᠴᠠᠭᠠᠨ ᠭᠠᠷᠭᠠᠬᠤ ᠬᠡᠷᠡᠭᠲᠡᠶ ᠭᠡᠵᠡᠶ᠃ ᠲᠠᠷᠢᠮᠠᠯ ᠤᠨ ᠪᠦᠲᠦᠴᠡ ᠶᠢ ᠢᠳᠡᠪᠬᠢᠲᠡᠶ ᠲᠣᠬᠢᠷᠠᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠤᠰᠤ ᠠᠷᠪᠢᠯᠠᠬᠤ ᠲᠥᠷᠥᠯ ᠵᠦᠢᠯ ᠪᠣᠯᠤᠨ ᠤᠰᠤ ᠠᠷᠪᠢᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃    ᠲᠣᠭᠤᠷᠢᠭ ᠤᠨ ᠤᠳᠤᠷᠢᠳᠤᠯᠭ᠎ᠠ ᠪᠠᠢ ᡁᠢ ᠯᠦᠩ᠂ ᠵᠠᠩ ᠯᠦ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号