ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠲᠡᠤᠬᠡ ᠶᠢᠨ | ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠢᠨ ᠤᠯᠤᠰ ᠤᠨᠰᠢᠭᠤᠳ ᠵᠠᠮ ᠤᠨ ᠪᠠᠭᠤᠷᠢ ᠶᠢᠨ | ᠳᠠᠯᠠᠳ ᠬᠤᠰᠢᠭᠤᠨ ᠤ ᠬᠡᠰᠡᠭ ᠤᠨ ᠡᠪᠳᠡᠯᠡᠭᠡ ᠳᠤ ᠤᠴᠠᠷᠠᠭᠰᠠᠨ ᠬᠡᠷᠡᠭ ᠠᠴᠠ ᠭᠦᠨᠵᠡᠭᠡᠶ ᠰᠤᠷᠭᠠᠮᠵᠢ ᠠᠪᠴᠤ᠂ | ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠠᠴᠠ ᠵᠥᠷᠢᠴᠡᠭᠰᠡᠨ ᠬᠡᠷᠡᠭ ᠡᠭᠦᠰᠬᠦ ᠶᠢ ᠡᠷᠡᠰ | ᠰᠡᠷᠭᠡᠶᠢᠯᠡᠨ ᠬᠤᠷᠢᠭᠯᠠᠬᠤ ᠶᠢᠨ ᠲᠦᠯᠤᠭᠡ᠂ 11 ᠰᠠᠷ᠎ᠠ ᠶᠢᠨ 26 ᠤ ᠡᠳᠦᠷ᠂ ᠬᠠᠶᠢᠷᠤᠪ ᠤᠨ ᠲᠤᠬᠤᠢ | ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠶᠢᠷᠤᠪ ᠤᠨ ᠲᠤᠬᠤᠢ ᠲᠣᠭᠤᠷᠢᠭ ᠤᠨ | ᠴᠢᠨ ᠤᠯᠤᠰ ᠤᠨ ᠰᠢᠭᠤᠳ ᠵᠠᠮ ᠤᠨ ᠪᠠᠭᠤᠷᠢ ᠶᠢᠨ ᠡᠪᠳᠡᠯᠡᠭᠡ ᠳᠤ ᠤᠴᠠᠷᠠᠭᠰᠠᠨ ᠬᠡᠷᠡᠭ ᠤᠨ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠵᠢᠴᠢ ᠵᠢᠷᠤᠮᠵᠢᠭᠤᠯᠤᠨ ᠪᠠᠶᠢᠭᠤᠯᠬᠤ ᠢᠨᠵᠧᠨᠧᠷᠢᠩ ᠤᠨ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠵᠥᠪᠰᠢᠶᠡᠷᠡᠯ ᠤᠨ ᠵᠦᠢᠯᠡᠰ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ 21 ᠠᠵᠤ ᠠᠬᠤᠶᠢᠯᠠᠯ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ | ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ︽ᠴᠢᠨ ᠤᠯᠤᠰ ᠤᠨ | ᠰᠢᠭᠤᠳ ᠬᠠᠷᠢᠶ᠎ᠠ ᠪᠠᠭᠤᠷᠢ ᠶᠢᠨ ᠳᠠᠯᠠᠳ ᠬᠤᠰᠢᠭᠤᠨ ᠤ ᠬᠡᠰᠡᠭ ᠤᠨ ᠡᠪᠳᠡᠯᠡᠭᠡ ᠳᠤ ᠤᠴᠠᠷᠠᠭᠰᠠᠨ ᠬᠡᠷᠡᠭ ᠤᠨ | ᠪᠠᠶᠢᠳᠠᠯ ᠤᠨ ᠲᠤᠬᠠᠶ ᠵᠠᠷᠯᠠᠯ︾ ᠢ ᠤᠯᠠᠮᠵᠢᠯᠠᠵᠤ᠂ ᠡᠯ᠎ᠡ ᠠᠵᠤ ᠠᠬᠤᠶᠢᠯᠠᠯ ᠲᠡᠤᠬᠡ ᠶᠢᠨ ᠳᠤᠷᠠᠰᠬᠠᠯᠲᠤ ᠵᠦᠢᠯᠡᠰ ᠤᠨ | ᠪᠠᠭᠤᠷᠢ ᠶᠢ ᠬᠠᠮᠠᠭᠠᠯᠠᠬᠤ ᠬᠡᠪᠴᠢᠶ᠎ᠡ ᠪᠠ ᠪᠥᠲᠥᠭᠡᠨ ᠪᠠᠶᠢᠭᠤᠯᠤᠯᠲᠠ ᠶᠢ ᠡᠵᠡᠮᠳᠡᠬᠦ ᠣᠷᠣᠨ ᠪᠦᠰᠡ ᠶᠢᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠶ︔ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠡᠤᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠵᠥᠪᠰᠢᠶᠡᠷᠡᠯ ᠤᠨ ᠵᠦᠢᠯᠡᠰ ᠢ ᠭᠤᠶᠤᠴᠢᠯᠠᠨ ᠮᠡᠳᠡᠭᠦᠯᠬᠦ ᠠᠵᠢᠯ ᠢ | ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ ᠶᠢᠨ ᠮᠡᠳᠡᠭᠳᠡᠯ︾᠂ ︽ᠦᠨᠳᠦᠰᠦᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠠᠭᠤᠴᠢ ᠰᠤᠳᠤᠯᠤᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠡᠳᠡᠭᠳᠡᠯ︾ ᠢ ᠰᠤᠷᠤᠯᠴᠠᠵᠤ᠂ ᠲᠡᠤᠬᠡ ᠶᠢᠨ | ᠳᠤᠷᠠᠰᠬᠠᠯᠲᠤ ᠵᠦᠢᠯᠡᠰ ᠢ ᠪᠠᠶᠢᠴᠠᠭᠠᠨ ᠭᠤᠶᠤᠴᠢᠯᠠᠬᠤ ᠴᠤᠪᠤᠷᠠᠯ ᠪᠠ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ | ᠵᠥᠪᠰᠢᠶᠡᠷᠡᠬᠦ ᠴᠤᠪᠤᠷᠠᠯ ᠳᠤ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠳᠤ ᠪᠦᠬᠦ | ᠤᠯᠤᠰ ᠤᠨ ᠭᠤᠤᠯᠳᠠᠯᠭ᠎ᠠ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠲᠥᠷᠥᠯ ᠵᠦᠢᠯ ᠤᠨ ᠭᠠᠵᠠᠷ ᠰᠣᠩᠭᠤᠬᠤ ᠶᠢ ᠬᠢᠨᠠᠨ ᠪᠠᠶᠢᠴᠠᠭᠠᠵᠤ | ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠪᠠ︔ ᠬᠠᠮᠤᠭ ᠡᠴᠦᠰ ᠲᠤ ︽ᠬᠠᠶᠢᠷᠤᠪ ᠤᠨ ᠲᠣᠬᠤᠢ | ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯ ᠤᠨ ᠴᠡᠭ ᠪᠠᠶᠢᠷᠢ ᠶᠢ ᠬᠠᠮᠠᠭᠠᠯᠠᠬᠤ ᠬᠡᠪᠴᠢᠶ᠎ᠡ ᠵᠢᠴᠢ ᠪᠦᠲᠦᠭᠡᠨ | ᠪᠠᠶᠢᠭᠤᠯᠤᠯᠲᠠ ᠶᠢ ᠡᠵᠡᠮᠳᠡᠬᠦ ᠣᠷᠣᠨ ᠪᠦᠰᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠳᠤ ᠬᠤᠯᠪᠣᠭᠳᠠᠬᠤ ᠮᠡᠳᠡᠭᠳᠡᠯ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠦᠷᠢᠮ︾ ᠤᠨ ᠬᠡᠰᠡᠭ ᠲᠠᠬᠢ ᠬᠠᠮᠲᠤ ᠶᠢᠨ ᠰᠤᠷᠤᠯᠴᠠᠯᠭ᠎ᠠ ᠬᠢᠵᠦ᠂ | ᠡᠯ᠎ᠡ ᠠᠵᠤ ᠠᠬᠤᠶᠢᠯᠠᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠠᠴᠠ ᠡᠮᠦᠨ᠎ᠡ ᠱᠠᠭᠠᠷᠳᠠᠯᠭ᠎ᠠ ᠶᠣᠰᠣᠭᠠᠷ | ᠮᠠᠲ᠋ᠧᠷᠢᠶᠠᠯ ᠪᠠ ᠪᠠᠶᠢᠷᠢᠰᠢᠯ ᠢᠶᠠᠨ ᠴᠠᠭ ᠲᠤᠬᠠᠶ ᠳᠤᠨᠢ ᠣᠨᠣᠪᠴᠢᠲᠠᠶ ᠲᠤᠰᠢᠶᠠᠵᠤ᠂ ᠲᠡᠤᠬᠡ ᠶᠢᠨ ᠳᠤᠷᠠᠰᠬᠠᠯᠲᠤ | ᠵᠦᠢᠯ ᠢ ᠬᠢᠨᠠᠨ ᠪᠠᠶᠢᠴᠠᠭᠠᠬᠤ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ ᠭᠡᠵᠦ ᠴᠢᠬᠤᠯᠠᠴᠢᠯᠠᠪᠠ᠃ | | ᠲᠣᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠠᠴᠠ ᠨᠡᠶᠢᠲᠡᠯᠢᠭ ᠬᠡᠷᠡᠭ ᠤᠨ ᠵᠢᠱᠢᠶ᠎ᠡ ᠪᠠ | ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠦᠷᠢᠮ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠭᠦᠨᠵᠡᠭᠡᠶ | ᠰᠤᠷᠤᠯᠴᠠᠬᠤ ᠪᠠᠷ ᠳᠠᠮᠵᠢᠭᠤᠯᠤᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠰᠡᠷᠡᠮᠵᠢᠯᠡᠭᠦᠯᠦᠯ ᠤᠨ ᠬᠡᠷᠡᠭ ᠤᠨ | ᠵᠢᠱᠢᠶ᠎ᠡ ᠶᠢᠨ ᠰᠤᠷᠭᠠᠨ ᠬᠥᠮᠦᠵᠢᠯ ᠤᠨ ᠠᠴᠢ ᠬᠤᠯᠪᠣᠭᠳᠠᠯ ᠪᠠ ᠰᠠᠯᠠᠭ᠎ᠠ ᠮᠥᠴᠢᠷ᠂ ᠠᠵᠤ ᠠᠬᠤᠶᠢᠯᠠᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠲᠡᠤᠬᠡ ᠶᠢᠨ | ᠳᠤᠷᠠᠰᠬᠠᠯᠲᠤ ᠵᠦᠢᠯᠡᠰ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠦᠨᠡᠨ ᠬᠦ ᠴᠢᠩᠭᠠᠳᠬᠠᠪᠠ᠃ ᠳᠠᠷᠠᠭᠠᠴᠢ ᠶᠢᠨ | ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠤᠷᠢᠳᠠᠴᠢ ᠬᠢᠨᠠᠨ ᠵᠥᠪᠰᠢᠶᠡᠷᠡᠬᠦ ᠠᠵᠢᠯ ᠤᠨ | ᠤᠶᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠬᠠᠶᠢᠷᠤᠪ ᠤᠨ ᠲᠣᠬᠤᠢ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ | ᠦᠷᠭᠦᠯᠵᠢᠯᠡᠨ ᠠᠬᠢᠭᠤᠯᠤᠨ᠎ᠠ᠃ | |