11 ᠰᠠᠷ᠎ᠠ ᠶᠢᠨ 5 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 137 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ | ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | ᠬᠤᠷᠠᠯ ᠠᠴᠠ 10 ᠰᠠᠷ᠎ᠠ ᠶᠢᠨ 28 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ︵ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ | ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ | ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠠᠭᠤᠯᠭ᠎ᠠ ᠢ ᠤᠯᠠᠮᠵᠢᠯᠠᠨ ᠰᠤᠷᠤᠯᠴᠠᠪᠠ᠃ᠲᠠᠪᠤᠨ | ᠶᠡᠭᠡ ᠡᠭᠦᠷᠭᠡ ᠶᠢ ᠬᠢᠨᠠᠨ ᠰᠢᠯᠭᠠᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ | ᠮᠠᠨ ᠤ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠵᠡᠷᠭᠡ | ᠠᠭᠤᠯᠭ᠎ᠠ ᠶᠢ ᠰᠣᠨᠣᠰᠪᠠ︔ ︽ᠥᠪᠥᠷ ᠮᠣᠩᠭᠤᠯ ᠤᠨ ᠾᠧ ᠵᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠶᠢᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠪᠣᠯᠤᠨ ︽ᠥᠪᠥᠷ | ᠮᠣᠩᠭᠤᠯ ᠤᠨ ᠾᠧ ᠵᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠯᠲᠠ ᠶᠢᠨ | ᠵᠥᠪᠯᠡᠯᠴᠡᠭᠡᠷ︾ ᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠶᠢᠷᠤᠪ ᠤᠨ ᠲᠤᠬᠤᠢ ᠶᠢᠨ ᠳᠠᠷᠠᠭᠠᠴᠢ ᠶᠢᠨ | ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠭᠦᠸᠧ ᠢ ᠵᠢᠶᠧ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ | ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ︔ | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠨᠠᠰᠤᠲᠠᠶᠢᠴᠤᠳ ᠪᠠ ᠨᠢᠯᠬᠠᠰ︾ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠨᠡᠶᠢᠭᠡᠮ ᠤᠨ | ᠵᠠᠰᠠᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠤᠨ ᠶᠠᠪᠤᠳᠠᠯ ᠤᠨ | ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ︔ ᠡᠯ᠎ᠡ | ᠱᠠᠲᠤᠨ ᠤ ᠤᠳᠤᠷᠢᠳᠬᠤ ᠺᠠᠳ᠋ᠷ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ︽ᠤᠳᠠᠭᠠᠨ ᠪᠦᠳᠦᠭᠦᠯᠢᠭ︾ | ᠠᠰᠠᠭᠤᠳᠠᠯ ᠢ ᠢᠯᠠᠨ ᠳᠠᠪᠠᠵᠤ᠂ ᠵᠣᠷᠢᠯᠭ᠎ᠠ ᠳᠠᠭᠠᠨ ᠬᠥᠷᠬᠦ ᠥᠬᠡᠶ ᠪᠣᠯ ᠶᠠᠭᠠᠬᠢᠭᠰᠠᠨ ᠴᠤ ᠵᠣᠭᠰᠣᠬᠤ ᠥᠬᠡᠶ ︽ | ᠮᠣᠩᠭᠤᠯ ᠮᠣᠷᠢᠨ︾ ᠤ ᠵᠣᠷᠢᠭ ᠰᠠᠨᠠᠭ᠎ᠠ ᠪᠠᠷ ᠠᠵᠢᠯ ᠢᠶᠠᠨ ᠪᠣᠳᠠᠲᠠᠶ ᠠᠳᠬᠤᠵᠤ᠂ ᠵᠣᠷᠢᠭᠲᠠᠶ ᠪᠠᠷ ᠪᠠᠷᠢᠮᠵᠢᠶᠠᠯᠠᠨ | ᠬᠠᠷᠭᠤᠭᠤᠯᠵᠤ ᠵᠥᠷᠢᠶ᠎ᠡ ᠪᠠᠨ ᠡᠷᠢᠵᠦ᠂ ᠠᠵᠢᠯ ᠤᠨ ᠵᠥᠷᠢᠶ᠎ᠡ ᠪᠠᠨ ᠡᠷᠡᠰ ᠡᠷᠢᠵᠦ᠂ ᠡᠯ᠎ᠡ ᠰᠠᠯᠠᠭ᠎ᠠ ᠮᠥᠴᠢᠷ | ᠨᠢᠭᠡᠴᠢ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ | ᠭᠠᠷᠭᠠᠵᠤ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠳᠤ ᠴᠢᠭᠯᠡᠭᠦᠯᠦᠨ᠂ ᠲᠣᠰ ᠪᠡᠶ᠎ᠡ ᠶᠢᠨ | ᠭᠤᠤᠯᠳᠠᠯᠭ᠎ᠠ ᠲᠠᠢ ᠠᠵᠢᠯ ᠤᠨ ᠡᠭᠦᠷᠭᠡ ᠪᠠᠨ ᠡᠭᠦᠷᠭᠡᠯᠡᠵᠦ ᠪᠠᠶᠢᠭ᠎ᠠ ᠪᠠᠶᠢᠳᠠᠯ ᠢᠶᠠᠨ ᠲᠣᠳᠣᠷᠬᠠᠶᠢᠯᠠᠵᠤ᠂ ᠴᠠᠭ | ᠲᠤᠬᠠᠶ ᠳᠤᠨᠢ ᠪᠠᠶᠢᠴᠠᠭᠠᠵᠤ ᠳᠤᠲᠠᠭᠤᠳᠠᠯ ᠢᠶᠠᠨ ᠨᠥᠬᠦᠪᠥᠷᠢᠯᠡᠨ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ | ᠲᠣᠭᠲᠠᠭᠰᠠᠨ ᠬᠤᠭᠤᠴᠠᠭᠠᠨ ᠳᠤ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠵᠢᠯ ᠤᠨ ᠡᠴᠦᠰ ᠤᠨ ︽ | ᠰᠡᠭᠦᠯ ᠬᠤᠷᠢᠶᠠᠬᠤ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠤ ᠬᠡᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |