ᠬᠠᠶᠢᠷᠤᠪ ᠤᠨ ᠲᠤᠬᠤᠢ ᠲᠣᠭᠤᠷᠢᠭ ᠤᠨ 10 ᠠᠵᠤ ᠠᠬᠤᠶᠢᠯᠠᠯ ᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠠᠮᠵᠢᠯᠲᠠ ᠲᠠᠢ ᠨᠤᠲᠠᠯᠠᠨ ᠲᠣᠭᠲᠠᠭᠠᠪᠠ
ᠨᠡᠶᠢᠲᠡᠯᠡᠭᠰᠡᠨ ᠴᠠᠭ᠄
2024/12/11
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠮᠰᠢᠨ ᠲᠣᠭᠲᠠᠭᠠᠬᠤ ᠪᠠᠶᠢᠭᠤᠯᠤᠮᠵᠢ ᠶᠢᠨ 2024 ᠣᠨ ᠤ ᠮᠠᠭᠠᠳᠯᠠᠨ ᠲᠣᠭᠲᠠᠭᠠᠵᠤ ᠮᠡᠳᠡᠭᠦᠯᠦᠨ ᠳᠠᠩᠰᠠᠯᠠᠭᠤᠯᠬᠤ ᠪᠠᠷ ᠳᠠᠮᠵᠢᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠡᠷᠡᠰ ᠶᠣᠰᠣᠭᠠᠷ᠂ ᠮᠠᠨ ᠤ ᠲᠤᠭᠤᠷᠢᠭ ᠤᠨ ᠮᠠᠭᠠᠳᠯᠠᠨ ᠲᠣᠭᠲᠠᠭᠠᠬᠤ ᠪᠠᠷ ᠳᠠᠮᠵᠢᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠡᠶᠢᠲᠡ 10 ᠪᠠᠶᠢᠵᠤ᠂ ᠡᠭᠦᠨ ᠳᠤ ᠳᠠᠬᠢᠨ ᠬᠢᠨᠠᠬᠤ ᠳᠤ ᠣᠷᠣᠯᠴᠠᠭᠰᠠᠨ ᠠᠵᠤ ᠠᠬᠤᠶᠢᠯᠠᠯ 6᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4 ᠪᠠᠶᠢᠵᠤ᠂ ᠲᠣᠰ ᠲᠣᠰ ᠥᠪᠥᠷ ᠮᠣᠩᠭᠤᠯ ᠤᠨ ᠰᠠᠢ ᠰᠢᠩ ᠢᠳᠡᠭᠡᠨ ᠤ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠴᠡᠭᠡᠯ ᠠᠭᠤᠯᠠᠨ ᠤ ᠨᠡᠭᠦᠷᠡᠰᠦ ᠰᠣᠩᠭᠤᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠰᠢᠨ ᠱᠠᠨ ᠸᠧᠨ ᠡᠤ ᠶᠢᠨ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠦᠬᠠᠶ ᠶᠢᠨ ᠪᠦᠦ ᠵᠢᠶᠧ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯᠤᠨ᠎ᠠ᠃     ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠭᠤᠶᠤᠴᠢᠯᠠᠨ ᠮᠡᠳᠡᠭᠦᠯᠬᠦ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠦᠷᠭᠦᠯᠵᠢᠯᠡᠨ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠬᠦᠴᠦᠯᠡᠵᠦ᠂ ︽ᠨᠢᠭᠤᠷᠳᠠᠬᠤ︾ ᠵᠢᠯᠣᠭᠤᠳᠬᠤ ᠦᠢᠯᠡᠴᠢᠯᠡᠭᠡ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ 2025 ᠣᠨ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠨᠡᠪᠲᠡᠷᠬᠡᠶ ᠨᠣᠷᠮ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号