ᠬᠠᠶᠢᠷᠤᠪ ᠤᠨ ᠲᠤᠬᠤᠢ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠲᠤᠭ᠎ᠠ ᠲᠠᠬᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/12/11
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠩᠬᠠᠨ ᠤ ᠪᠦᠯᠦᠭ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠨᠡᠶᠢᠲᠡᠯᠡᠬᠦ ᠲᠤᠬᠠᠢ ᠮᠡᠳᠡᠭᠳᠡᠯ︾ ᠵᠡᠷᠭᠡ ᠵᠠᠷᠯᠠᠨ ᠨᠡᠶᠢᠲᠡᠯᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠨᠡᠶᠢᠲᠡ 41 ᠬᠥᠮᠥᠷᠭᠡ ᠳᠤ ᠣᠷᠣᠭᠤᠯᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠨᠢ ᠭᠤᠷᠪᠠᠨ ᠲᠣᠭᠤᠷᠢᠭ ᠤᠨ ᠨᠢᠭᠡᠳᠦᠭᠡᠷ ᠲᠤ ᠵᠢᠭᠰᠠᠭᠠᠭᠳᠠᠵᠠᠢ᠃    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ ᠪᠠᠨ ᠴᠢᠩᠭᠠᠳᠬᠠᠬᠤ ᠶᠢ ᠲᠡᠮᠵᠢᠨ ᠵᠣᠷᠢᠭᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠭᠠᠨ ᠳᠡᠭᠡᠭᠰᠢᠯᠡᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠨᠡᠩ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠪᠠ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠬᠠᠩᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号