ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ | ᠬᠠᠶᠢᠷᠤᠪ ᠤᠨ ᠲᠤᠬᠤᠢ ᠲᠣᠭᠤᠷᠢᠭ ᠤᠨ ᠬᠢᠨᠠᠨ ᠪᠤᠳᠤᠬᠤ ᠲᠤᠪᠴᠢᠶ᠎ᠠ ᠪᠣᠯ ᠬᠠᠶᠢᠷᠤᠪ ᠤᠨ ᠲᠤᠬᠤᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠬᠢᠳᠦ ᠰᠠᠯᠠᠭ᠎ᠠ ᠮᠥᠴᠢᠷ ᠪᠣᠯᠤᠨ᠎ᠠ᠂ | ᠲᠣᠭᠤᠷᠢᠭ ᠤᠨ ᠳᠠᠷᠤᠭ᠎ᠠ ᠪᠣᠯᠤᠨ ᠦᠬᠠᠢ ᠬᠤᠳᠠ ᠶᠢᠨ ᠬᠢᠨᠠᠨ ᠪᠤᠳᠤᠬᠤ ᠲᠣᠪᠴᠢᠶ᠎ᠠ ᠶᠢᠨ ᠳᠠᠪᠬᠤᠷ ᠤᠳᠤᠷᠢᠳᠤᠯᠭ᠎ᠠ | ᠳᠣᠣᠷ᠎ᠠ᠂ ᠪᠦᠬᠦ ᠲᠣᠭᠤᠷᠢᠭ ᠤᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠲᠣᠭᠤᠷᠢᠭ ᠤᠨ ᠲᠣᠰ ᠱᠠᠲᠤᠨ ᠤ ᠬᠢᠨᠠᠨ ᠪᠤᠳᠤᠬᠤ ᠠᠵᠢᠯ ᠢ ᠭᠤᠤᠯᠴᠢᠯᠠᠨ ᠬᠠᠮᠢᠶᠠᠷᠤᠨ᠎ᠠ᠃ | ᠲᠣᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ | ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ | ᠬᠢᠨᠠᠨ ᠪᠤᠳᠤᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ | ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ | ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠲᠠ ᠶᠢ ᠨᠡᠶᠢᠳᠡᠮ | ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ | ᠬᠤᠲᠠ ᠵᠢᠴᠢ ᠬᠠᠶᠢᠷᠤᠪ ᠤᠨ ᠲᠣᠬᠤᠶ ᠲᠣᠭᠤᠷᠢᠭ ᠤᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ | ᠪᠤᠳᠤᠵᠤ᠂ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠳᠤ ᠬᠢᠨᠠᠨ ᠪᠤᠳᠤᠯᠲᠠ ᠶᠢᠨ ᠪᠠᠶᠢᠴᠠᠭᠠᠯᠲᠠ | ᠬᠢᠨ᠎ᠠ᠃ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠬᠤ ᠮᠡᠳᠡᠭᠦᠯᠦᠯᠲᠡ ᠶᠢ | ᠪᠠᠶᠢᠴᠠᠭᠠᠭᠰᠠᠨ ᠪᠠ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ | ᠪᠤᠳᠤᠭᠳᠠᠵᠦ ᠪᠠᠶᠢᠭ᠎ᠠ ᠨᠢᠭᠡᠴᠡ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠬᠢᠨᠠᠨ ᠪᠣᠳᠣᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ ᠬᠢᠨᠠᠨ ᠪᠣᠳᠣᠬᠤ | ᠵᠦᠭᠯᠡᠭᠦᠷ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠤᠰᠬᠠᠶ ᠠᠵᠢᠯ ᠤᠨ | ᠬᠦᠷᠢᠶᠡᠨ ᠳᠠᠬᠢ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ | ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠬᠤ ᠦᠨᠡᠯᠡᠯᠲᠡ ᠬᠢᠵᠦ᠂ ᠬᠢᠨᠠᠨ ᠪᠤᠳᠤᠬᠤ ᠲᠣᠭᠲᠠᠭᠠᠯ ᠭᠠᠷᠭᠠᠬᠤ | ᠪᠤᠶᠤ ᠬᠢᠨᠠᠨ ᠪᠤᠳᠤᠬᠤ ᠰᠠᠨᠠᠭᠤᠯᠭ᠎ᠠ ᠳᠤᠷᠠᠳᠬᠤ ᠬᠡᠷᠡᠭᠲᠡᠶ᠃ | ︵ᠭᠤᠷᠪᠠ︶ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠳᠤ ᠣᠨ ᠤ ᠬᠠᠶᠢᠷᠤᠪ ᠤᠨ | ᠲᠤᠬᠤᠢ ᠲᠣᠭᠤᠷᠢᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠳᠠ ᠶᠢᠨ ᠮᠡᠳᠡᠭᠦᠯᠦᠯᠲᠡ ᠲᠤᠷᠠᠳᠤᠨ᠎ᠠ᠃ ᠲᠣᠭᠤᠷᠢᠭ ᠤᠨ ᠳᠠᠷᠤᠭ᠎ᠠ ᠳᠤ | ᠬᠠᠶᠢᠷᠤᠪ ᠤᠨ ᠲᠤᠬᠤᠢ ᠲᠣᠭᠤᠷᠢᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ ᠪᠤᠰᠤᠳ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠳᠠ ᠶᠢᠨ ᠦᠷ᠎ᠡ ᠳ᠋ᠦᠩ ᠤᠨ ᠮᠡᠳᠡᠭᠦᠯᠦᠯᠲᠡ ᠶᠢ | ᠲᠤᠷᠠᠳᠤᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠣᠭᠤᠷᠢᠭ ᠤᠨ ᠲᠤᠰ ᠱᠠᠲᠤᠨ ᠤ | ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠳᠤ ᠬᠢᠨᠠᠨ ᠪᠤᠳᠤᠯᠳᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠳᠠ ᠪᠠᠷ ᠪᠠᠶᠢᠴᠠᠭᠠᠵᠤ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠲᠤᠷᠠᠳᠤᠨ᠎ᠠ᠃ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠪᠤᠰᠤᠳ ᠵᠦᠢᠯᠡᠰ ᠲᠤ ᠬᠢᠨᠠᠨ ᠪᠣᠳᠣᠯᠲᠠ ᠬᠢᠭᠰᠡᠨ | ᠪᠠ ᠲᠤᠰᠬᠠᠶ ᠵᠦᠢᠯ ᠢᠶᠠᠷ ᠬᠢᠨᠠᠨ ᠪᠣᠳᠣᠵᠤ ᠪᠠᠶᠢᠴᠠᠭᠠᠯᠲᠠ ᠬᠢᠭᠰᠡᠨ ᠪᠠᠶᠢᠳᠠᠯ ᠵᠢᠴᠢ ᠦᠷ᠎ᠡ ᠳ᠋ᠦᠩ ᠢᠶᠠᠨ | ᠮᠡᠳᠡᠭᠦᠯᠦᠨ᠎ᠡ᠃ ᠬᠢᠨᠠᠨ ᠪᠣᠳᠣᠭᠰᠠᠨ ᠦᠷ᠎ᠡ ᠲᠦᠩ ᠢ ᠨᠡᠶᠢᠭᠡᠮᠨᠡᠶᠢᠲᠡᠳᠤ ᠬᠠᠤᠯᠢ ᠶᠣᠰᠣᠭᠠᠷ ᠨᠡᠢᠲᠡᠯᠡᠬᠦ ᠬᠡᠷᠡᠭᠲᠡᠢ᠃ | ᠲᠣᠭᠤᠷᠢᠭ ᠤᠨ ᠨᠠᠮ ᠤᠨ ᠬᠤᠷᠢᠶ᠎ᠠ ᠪᠠ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠬᠢᠨᠠᠨ ᠪᠣᠳᠣᠭᠰᠠᠨ ᠪᠠᠶᠢᠳᠠᠯ ᠪᠠ ᠬᠢᠨᠠᠨ ᠪᠣᠳᠣᠭᠰᠠᠨ ᠦᠷ᠎ᠡ ᠳ᠋ᠦᠩ ᠢ ᠮᠡᠳᠡᠭᠳᠡᠨ᠎ᠡ᠃ | ︵ᠳᠥᠷᠪᠡ︶ ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠭᠰᠠᠨ | ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠢᠨᠠᠨ | ᠪᠤᠳᠤᠯᠲᠠ ᠶᠢᠨ ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠢ ᠬᠤᠲᠠ | ᠵᠢᠴᠢ ᠲᠣᠭᠤᠷᠢᠭ ᠤᠨ ᠲᠤᠰ ᠱᠠᠲᠤᠨ ᠤ ᠬᠤᠯᠪᠣᠭᠳᠠᠯ ᠪᠦᠬᠦᠢ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ᠎ᠠ︔ ᠲᠣᠭᠤᠷᠢᠭ ᠤᠨ ᠲᠤᠰ ᠱᠠᠲᠤᠨ ᠤ | ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ᠂ | ᠲᠣᠭᠤᠷᠢᠭ ᠤᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ | ᠰᠢᠭᠤᠳ ᠬᠠᠷᠢᠶ᠎ᠠ ᠨᠢᠭᠡᠴᠡ ᠪᠠᠭᠲᠠᠨ᠎ᠠ︶ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ ᠲᠥᠰᠦᠪ ᠤᠨ | ᠭᠦᠢᠴᠡᠳᠬᠡᠯ ᠤᠨ ᠲᠥᠰᠦᠯ ᠵᠢᠴᠢ ᠪᠤᠰᠤᠳ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠪᠠᠭᠲᠠᠨ᠎ᠠ︔ ᠪᠠᠯᠭᠠᠰᠤᠨ ᠤ ᠵᠠᠰᠠᠭ ᠤᠨ ᠣᠷᠳᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ | ᠲᠥᠰᠦᠪ ᠤᠨ ᠭᠦᠢᠴᠡᠳᠬᠡᠯ ᠤᠨ ᠲᠥᠰᠦᠯ ᠵᠢᠴᠢ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ︔ | ᠲᠥᠪ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠᠯᠠ | ᠮᠥᠩᠭᠦ ᠪᠠ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠠᠯᠠ ᠮᠥᠩᠭᠦ ᠶᠢ ᠬᠠᠮᠢᠶᠠᠷᠴᠤ | ᠬᠡᠷᠡᠭᠯᠡᠭᠰᠡᠨ ᠪᠠᠶᠢᠳᠠᠯ︔ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠭᠰᠡᠨ | ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ︔ ᠤᠯᠤᠰ᠂ | ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠵᠢᠴᠢ ᠲᠣᠭᠤᠷᠢᠭ ᠤᠨ ᠲᠣᠰ ᠱᠠᠲᠤᠨ ᠤ ᠪᠠᠯᠠ ᠣᠷᠣᠭᠤᠯᠤᠯᠲᠠ ᠪᠠ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠵᠢᠴᠢ ᠲᠣᠭᠤᠷᠢᠭ ᠤᠨ ᠲᠣᠰ ᠱᠠᠲᠤᠨ ᠤ ᠪᠠᠯᠠ | ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ | ᠬᠡᠷᠡᠭᠵᠢᠭᠦᠯᠦᠭᠰᠡᠨ ᠪᠠ ᠲᠥᠰᠦᠪ ᠤᠨ ᠭᠦᠢᠴᠡᠳᠬᠡᠯ ᠤᠨ ᠪᠠᠶᠢᠳᠠᠯ᠂ ᠲᠣᠭᠤᠷᠢᠭ ᠤᠨ ᠲᠣᠰ ᠱᠠᠲᠤᠨ ᠤ | ᠭᠤᠤᠯᠳᠠᠯᠭ᠎ᠠ ᠲᠠᠢ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ | ᠬᠡᠷᠡᠭᠯᠡᠯᠲᠡ ᠪᠠ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ︔ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ | ᠪᠠᠶᠢᠳᠠᠯ︔ ᠬᠠᠶᠢᠷᠤᠪ ᠤᠨ ᠲᠣᠬᠤᠢ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ | ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠤᠯᠤᠰ ᠤᠨ ᠥᠮᠴᠢᠯᠡᠯᠲᠦ ᠡᠳ᠋ ᠬᠥᠷᠥᠩᠭᠡ ᠬᠤᠪᠢ ᠡᠵᠡᠮᠳᠡᠭᠰᠡᠨ ᠪᠤᠶᠤ ᠭᠤᠤᠯᠯᠠᠬᠤ ᠪᠠᠶᠢᠷᠢ ᠰᠠᠭᠤᠷᠢ ᠶᠢ ᠡᠵᠡᠯᠡᠭᠰᠡᠨ | ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠪᠠ ᠠᠰᠢᠭ | ᠣᠯᠵᠠᠪᠤᠷᠢ ᠶᠢᠨ ᠪᠠᠶᠢᠳᠠᠯ᠂ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ | ᠬᠠᠨᠳᠢᠪᠯᠠᠨ ᠬᠦᠷᠭᠡᠭᠰᠡᠨ ᠪᠡᠯᠡ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ | ᠣᠷᠣᠯᠭ᠎ᠠ ᠵᠠᠷᠤᠯᠭ᠎ᠠ︔ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ | ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠲᠥᠷᠥᠯ ᠵᠦᠢᠯ︔ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠭᠲᠠᠭᠠᠭᠰᠠᠨ ᠪᠤᠰᠤᠳ ᠵᠦᠢᠯ ᠤᠳ᠃ | ︵ᠲᠠᠪᠤ︶ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠣᠷᠣᠨ ᠤ ᠬᠠᠷᠢᠶ᠎ᠠ ᠰᠠᠯᠠᠭᠠᠨ ᠤ ᠲᠠᠰ ᠤᠨ | ᠨᠠᠮ ᠵᠠᠰᠠᠭ᠂ ᠰᠢᠶᠠᠩ ᠪᠠᠯᠭᠠᠰᠤᠨ ᠤ ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠢ ᠶᠢᠨ ᠭᠤᠤᠯ | ᠬᠠᠷᠢᠭᠤᠴᠠᠯᠭᠠᠲᠠᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠳᠤ ᠬᠢᠨᠠᠨ ᠪᠤᠳᠤᠯᠲᠠ ᠬᠢᠨ᠎ᠠ᠃ | ︵ᠵᠢᠷᠭᠤᠭ᠎ᠠ︶ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ | ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ | ᠬᠤᠯᠪᠣᠭᠳᠠᠬᠤ ᠣᠨᠴᠠ ᠲᠣᠭᠲᠠᠭᠰᠠᠨ ᠵᠦᠢᠯᠡᠰ ᠲᠤ ᠲᠤᠰᠬᠠᠶ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠨ᠎ᠠ᠃ | ︵ᠳᠤᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ | ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠰᠢᠮᠳᠠᠭᠤᠯᠤᠨ ᠴᠡᠭᠴᠡᠯᠡᠨ | ᠰᠠᠶᠢᠵᠢᠷᠠᠭᠤᠯᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠪᠤᠶᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠲᠠᠰᠤᠯᠤᠨ ᠲᠣᠭᠲᠠᠭᠠᠬᠤ ᠳᠤᠮᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ | ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ | ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ | ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠭᠠᠷᠭᠠᠭᠰᠠᠨ ᠬᠤᠯᠪᠣᠭᠳᠠᠯ ᠪᠦᠬᠦᠢ | ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠨ᠎ᠠ᠃ | ︵ᠶᠢᠰᠦ︶ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠪᠥᠬᠦ ᠲᠤᠭᠤᠷᠢᠭ ᠤᠨ ᠬᠢᠨᠠᠨ ᠪᠤᠳᠤᠬᠤ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ | ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠬᠢᠨᠠᠨ ᠪᠤᠳᠤᠬᠤ ᠡᠬᠢ | ᠪᠠᠶᠠᠯᠢᠭ ᠤᠨ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ | ᠬᠦᠴᠦᠨ ᠢ ᠲᠡᠭᠦᠯᠳᠡᠷᠵᠢᠭᠦᠯᠵᠦ᠂ ᠲᠥᠪᠯᠡᠷᠡᠩᠭᠦᠶ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ | ᠪᠥᠭᠡᠳ ᠥᠨᠳᠥᠷ ᠪᠦᠲᠦᠮᠵᠢᠲᠡᠶ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠂ ᠬᠢᠨᠠᠨ ᠪᠤᠳᠤᠬᠤ | ᠠᠵᠢᠯ ᠤᠨ ᠪᠠᠶᠢᠭᠤᠯᠤᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠨᠠᠨ ᠪᠤᠳᠤᠬᠤ ᠶᠢ | ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ | ᠮᠠᠶ᠋ᠢᠭ ᠢ ᠰᠠᠶᠢᠵᠢᠷᠠᠭᠤᠯᠤᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠨ᠂ | ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ | ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠡᠭᠦᠷᠭᠡ ᠴᠢᠳᠠᠪᠤᠷᠢ ᠶᠢᠨ ᠰᠠᠯᠠᠭ᠎ᠠ ᠲᠠᠰᠤᠭ᠄ ᠠᠯᠪᠠᠨ ᠭᠡᠷ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠬᠢᠨᠠᠨ ᠪᠤᠳᠤᠬᠤ ᠭᠡᠷ᠂ ᠡᠳ᠋ ᠤᠨ ᠵᠠᠰᠠᠭ ᠭᠠᠶᠢᠯᠢ ᠪᠠ ᠵᠠᠰᠠᠭ ᠵᠠᠬᠢᠷᠭᠠᠨ ᠤ ᠠᠵᠢᠯ ᠦᠢᠯᠡᠰ ᠤᠨ | ᠬᠢᠨᠠᠨ ᠪᠤᠳᠤᠬᠤ ᠭᠡᠷ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠭᠡᠷ᠃ | ᠡᠯ᠎ᠡ ᠰᠠᠯᠠᠭ᠎ᠠ ᠲᠠᠰᠤᠭ ᠤᠨ ᠡᠭᠦᠷᠭᠡ ᠴᠢᠳᠠᠪᠬᠢ | ᠠᠯᠪᠠᠨ ᠭᠡᠷ | ᠲᠤᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠳᠦᠷ ᠲᠤᠲᠤᠮ ᠤᠨ | ᠠᠵᠢᠯ ᠪᠠ ᠲᠣᠪᠴᠢᠶ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠭᠥᠯᠢᠶᠡᠨ ᠠᠪᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ | ᠠᠵᠢᠯ ᠢ ᠡᠭᠦᠷᠭᠡᠯᠡᠵᠦ᠂ ᠬᠢᠨᠠᠨ ᠪᠤᠳᠤᠬᠤ ᠲᠣᠪᠴᠢᠶ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ | ᠲᠥᠯᠥᠪᠯᠡᠭᠡ᠂ ᠣᠨ ᠤ ᠠᠵᠢᠯ ᠤᠨ ᠳ᠋ᠦᠩᠨᠡᠯᠲᠡ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠦᠷᠢᠮ ᠪᠠ | ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ᠂ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ | ᠠᠵᠢᠯ ᠢ ᠬᠠᠷᠢᠭᠤᠴᠠᠨ᠎ᠠ︔ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ | ᠬᠢᠨᠠᠨ ᠪᠤᠳᠤᠬᠤ ᠲᠥᠷᠥᠯ ᠵᠦᠢᠯ ᠤᠨ ᠲᠤᠭ᠎ᠠ ᠪᠠᠷᠢᠮᠲᠠ ᠶᠢᠨ ᠪᠦᠷᠢᠳᠬᠡᠯ ᠪᠠ ᠵᠠᠳᠠᠯᠤᠯᠲᠠ ᠵᠡᠷᠭᠡ ᠠᠵᠢᠯ ᠢ | ᠬᠠᠷᠢᠭᠤᠴᠠᠨ᠎ᠠ︔ ᠬᠢᠨᠠᠨ ᠪᠤᠳᠤᠬᠤ ᠮᠡᠳᠡᠭᠡ ᠵᠠᠩᠭᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠳᠠᠮᠵᠢᠭᠤᠯᠬᠤ | ᠠᠵᠢᠯ ᠢ ᠬᠠᠷᠢᠭᠤᠴᠠᠵᠤ᠂ ᠲᠣᠪᠴᠢᠶ᠎ᠠ ᠶᠢᠨ ᠳᠣᠲᠣᠷᠠᠬᠢ ᠵᠠᠰᠠᠭ ᠵᠠᠬᠢᠷᠭᠠᠨ᠂ ᠲᠤᠬᠠᠶᠢᠯᠠᠭᠰᠠᠨ ᠠᠵᠢᠯ ᠤᠨ ᠲᠠᠩᠰᠠ | ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ | ᠣᠷᠣᠨ ᠲᠤᠭ᠎ᠠ᠂ ᠬᠥᠳᠡᠯᠮᠦᠷᠢ ᠴᠠᠯᠢᠩ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ︔ | ᠲᠣᠪᠴᠢᠶ᠎ᠠ ᠶᠢᠨ ᠳᠣᠲᠣᠷᠠᠬᠢ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠬᠠᠮᠢᠶᠠᠷᠤᠯᠲᠠ ᠪᠠ ᠦᠢᠯᠡᠴᠢᠯᠡᠭᠡᠨ ᠤ | ᠠᠵᠢᠯ ᠢ ᠬᠠᠷᠢᠭᠤᠴᠠᠵᠤ᠂ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠡᠭᠦᠷ ᠢ ᠬᠠᠮᠵᠢᠨ ᠨᠠᠮ ᠤᠨ | ᠪᠠᠶᠢᠭᠤᠯᠤᠯᠲᠠ᠂ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠪᠠ ᠰᠠᠬᠢᠯᠭ᠎ᠠ ᠪᠠᠲᠤ ᠵᠡᠷᠭᠡ ᠠᠵᠢᠯ ᠢ | ᠪᠡᠶᠡᠯᠡᠭᠦᠯᠦᠨ᠎ᠡ᠃ | ᠠᠵᠢᠯ ᠤᠨ ᠳᠦᠷᠢᠮ ᠢ ᠲᠤᠭᠤᠷᠪᠢᠬᠤ ᠠᠵᠢᠯ ᠢ ᠡᠭᠦᠷᠭᠡᠯᠡᠨ᠎ᠡ᠃ ᠲᠣᠪᠴᠢᠶ᠎ᠠ ᠶᠢᠨ ᠳᠣᠲᠣᠷᠠᠬᠢ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠵᠦ᠂ | ᠲᠣᠪᠴᠢᠶ᠎ᠠ ᠶᠢᠨ ᠳᠣᠲᠣᠷᠠᠬᠢ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠬᠦᠨᠳᠦ ᠶᠡᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠥᠭᠴᠦ ᠵᠣᠬᠢᠴᠠᠭᠤᠯᠬᠤ ᠶᠢ | ᠬᠠᠷᠢᠭᠤᠴᠠᠨ᠎ᠠ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ | ᠵᠡᠷᠭᠡ ᠠᠵᠢᠯ ᠢ ᠡᠭᠦᠷᠭᠡᠯᠡᠨ᠎ᠡ᠃ ᠬᠠᠤᠯᠢ ᠲᠦᠭᠡᠮᠡᠯᠵᠢᠭᠦᠯᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ | ᠥᠷᠨᠢᠭᠦᠯᠦᠨ᠎ᠡ᠃ ᠬᠢᠨᠠᠨ ᠪᠣᠳᠣᠬᠤ ᠲᠥᠷᠥᠯ ᠵᠦᠢᠯ ᠤᠨ ᠬᠠᠮᠢᠶᠠᠷᠤᠯᠲᠠ ᠪᠣᠯᠤᠨ ᠠᠳᠠᠯᠢᠳᠬᠠᠨ ᠰᠢᠯᠭᠠᠷᠠᠭᠤᠯᠬᠤ | ᠵᠡᠷᠭᠡ ᠳᠦᠷᠢᠮ ᠤᠨ ᠲᠣᠭᠲᠠᠭᠠᠯ ᠢ ᠰᠤᠳᠤᠯᠤᠨ ᠲᠣᠭᠲᠠᠭᠠᠵᠤ᠂ ᠬᠢᠵᠦ ᠥᠭᠭᠦᠭᠰᠡᠨ ᠬᠢᠨᠠᠨ ᠪᠣᠳᠣᠭᠰᠠᠨ ᠪᠢᠴᠢᠭ | ᠬᠠᠷ᠎ᠠ ᠵᠡᠷᠭᠡ ᠶᠢ ᠰᠢᠭᠦᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠰᠢᠭᠦᠬᠦ ᠺᠣᠮᠢᠰ ᠤᠨ ᠡᠳᠦᠷ | ᠲᠤᠲᠤᠮ ᠤᠨ ᠠᠵᠢᠯ ᠢ ᠡᠭᠦᠷᠭᠡᠯᠡᠨ᠎ᠡ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠢᠨᠠᠨ ᠪᠣᠳᠣᠬᠤ ᠲᠠᠰᠤᠭ | ᠲᠤᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠲᠤᠭᠤᠷᠢᠭ ᠤᠨ ᠵᠠᠰᠠᠭ ᠤᠨ ᠣᠷᠳᠣᠨ ᠤ | ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ | ᠬᠡᠷᠡᠭᠵᠢᠭᠦᠯᠦᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ ᠤᠨ ᠪᠠᠶᠢᠳᠠᠯ ᠵᠢᠴᠢ ᠬᠠᠮᠢᠶ᠎ᠠ ᠪᠥᠬᠦᠶ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠪᠠ ᠢᠨᠵᠧᠨᠧᠷᠢᠩ ᠤᠨ ᠳ᠋ᠦᠩᠨᠡᠨ ᠪᠣᠳᠣᠯᠲᠠ᠂ ᠲᠥᠷᠥᠯ ᠵᠦᠢᠯ ᠤᠨ | ᠪᠠᠷᠢᠯᠭ᠎ᠠ ᠳᠠᠭᠤᠰᠤᠭᠰᠠᠨ ᠲᠥᠰᠦᠪ ᠤᠨ ᠭᠦᠢᠴᠡᠳᠬᠡᠯ ᠤᠨ ᠪᠠᠶᠢᠳᠠᠯ ᠢ ᠬᠢᠨᠠᠨ ᠪᠤᠳᠤᠬᠤ ᠶᠢ ᠵᠣᠬᠢᠶᠠᠨ ᠪᠠᠶᠢᠭᠤᠯᠤᠨ᠎ᠠ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠵᠢᠷᠤᠭᠯᠠᠨ ᠲᠥᠯᠥᠪᠯᠡᠬᠦ᠂ ᠪᠠᠷᠢᠯᠭ᠎ᠠ | ᠪᠠᠷᠢᠬᠤ᠂ ᠪᠠᠷᠠᠭ᠎ᠠ ᠬᠠᠩᠭᠠᠬᠤ ᠵᠡᠷᠭᠡ ᠨᠢᠭᠡᠴᠡ ᠨᠦᠭᠦᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ | ᠮᠥᠩᠭᠦ ᠶᠢ ᠣᠯᠤᠭᠰᠠᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠢ ᠵᠣᠬᠢᠶᠠᠨ ᠪᠠᠶᠢᠭᠤᠯᠤᠨ ᠪᠠᠶᠢᠴᠠᠭᠠᠬᠤ | ᠬᠡᠷᠡᠭᠲᠡᠶ᠃ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ | ᠬᠡᠷᠡᠭᠯᠡᠯᠲᠡ ᠶᠢᠨ ᠪᠠᠶᠢᠳᠠᠯ ᠢ ᠬᠢᠨᠠᠨ ᠪᠤᠳᠤᠬᠤ ᠶᠢ ᠵᠣᠬᠢᠶᠠᠨ ᠪᠠᠶᠢᠭᠤᠯᠤᠨ᠎ᠠ᠃ ᠲᠣᠭᠤᠷᠢᠭ ᠤᠨ ᠲᠣᠰ ᠱᠠᠲᠤᠨ ᠤ | ᠴᠢᠬᠤᠯᠠ ᠶᠡᠭᠡ ᠲᠥᠷᠥᠯ ᠵᠦᠢᠯ ᠢ ᠬᠢᠨᠠᠨ ᠪᠠᠶᠢᠴᠠᠭᠠᠵᠤ ᠬᠠᠷᠭᠤᠭᠤᠯᠬᠤ ᠶᠢ ᠵᠣᠬᠢᠶᠠᠨ ᠪᠠᠶᠢᠭᠤᠯᠤᠨ᠎ᠠ᠃ | ᠡᠳ᠋ ᠤᠨ ᠵᠠᠰᠠᠭ ᠭᠠᠢᠯᠢ ᠪᠣᠯᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠬᠢᠨᠠᠨ ᠪᠣᠳᠣᠬᠤ ᠲᠠᠰᠤᠭ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠵᠢᠴᠢ ᠲᠤᠭᠤᠷᠢᠭ ᠤᠨ ᠲᠣᠰ ᠱᠠᠲᠤᠨ ᠤ | ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠣᠬᠢᠶᠠᠨ ᠪᠠᠶᠢᠭᠤᠯᠤᠨ᠎ᠠ᠃ ᠲᠣᠭᠤᠷᠢᠭ ᠤᠨ ᠲᠣᠰ ᠱᠠᠲᠤᠨ ᠤ ᠲᠥᠰᠦᠪ ᠢ | ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠵᠢᠴᠢ ᠪᠤᠰᠤᠳ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠪᠠᠶᠢᠳᠠᠯ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠦᠬᠠᠶ ᠬᠤᠲᠠ ᠶᠢᠨ ᠡᠳ᠋ ᠤᠨ | ᠵᠠᠰᠠᠭ ᠤᠨ ᠰᠢᠯᠵᠢᠭᠦᠯᠦᠨ ᠥᠭᠭᠦᠭᠰᠡᠨ ᠪᠠᠯᠠ ᠮᠥᠩᠭᠦ ᠶᠢ ᠬᠢᠨᠠᠨ ᠪᠤᠳᠤᠬᠤ ᠶᠢ ᠵᠣᠬᠢᠶᠠᠨ ᠪᠠᠶᠢᠭᠤᠯᠤᠭᠰᠠᠨ ᠪᠠᠶᠢᠳᠠᠯ᠃ | ᠬᠢᠨᠠᠨ ᠪᠤᠳᠤᠬᠤ ᠵᠠᠬᠢᠷᠭ᠎ᠠ ᠶᠢ ᠬᠡᠷᠡᠭᠵᠢᠭᠦᠯᠵᠦ ᠬᠠᠶᠢᠷᠤᠪ ᠤᠨ ᠲᠤᠬᠤᠢ ᠲᠣᠭᠤᠷᠢᠭ ᠤᠨ ᠭᠠᠶᠢᠯᠢ ᠰᠦᠢᠳᠬᠡᠯ | ᠲᠠᠲᠠᠪᠤᠷᠢᠯᠠᠬᠤ ᠬᠠᠮᠢᠶᠠᠷᠤᠯᠲᠠ ᠶᠢᠨ ᠪᠠᠶᠢᠳᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠥᠰᠦᠪ ᠢ | ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠣᠯᠤᠨ ᠪᠤᠰᠤᠳ ᠡᠳ᠋ ᠤᠨ ᠵᠠᠰᠠᠭ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠵᠣᠬᠢᠶᠠᠨ ᠪᠠᠶᠢᠭᠤᠯᠵᠤ ᠬᠢᠨᠠᠨ ᠪᠤᠳᠤᠪᠠ᠃ | ᠬᠢᠨᠠᠨ ᠪᠣᠳᠣᠬᠤ ᠲᠣᠭᠤᠷᠢᠭ ᠤᠨ ᠬᠠᠷᠢᠶ᠎ᠠ ᠵᠠᠰᠠᠭ ᠵᠠᠬᠢᠷᠭ᠎ᠠ ᠵᠢᠴᠢ ᠠᠵᠢᠯ ᠦᠢᠯᠡᠰ ᠤᠨ ᠨᠢᠭᠡᠴᠡ ᠶᠢᠨ ᠡᠳ᠋ ᠤᠨ | ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠲᠤᠰᠬᠠᠶ ᠵᠦᠢᠯ ᠤᠨ ᠪᠡᠯᠡ ᠮᠥᠩᠭᠦ ᠶᠢ ᠵᠣᠬᠢᠶᠠᠨ | ᠪᠠᠶᠢᠭᠤᠯᠤᠨ᠎ᠠ᠃ ᠬᠢᠨᠠᠨ ᠪᠤᠳᠤᠯᠲᠠ ᠶᠢᠨ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠢᠶᠠᠷᠴᠤ | ᠪᠠᠶᠢᠭ᠎ᠠ ᠪᠠ ᠪᠤᠰᠤᠳ ᠨᠢᠭᠡᠴᠡ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ᠂ ᠨᠡᠶᠢᠭᠡᠮ ᠤᠨ ᠪᠡᠯᠡᠭᠯᠡᠨ | ᠬᠦᠷᠭᠡᠭᠰᠡᠨ ᠪᠡᠯᠡ ᠮᠥᠩᠭᠦ ᠵᠢᠴᠢ ᠪᠤᠰᠤᠳ ᠬᠤᠯᠪᠣᠭᠳᠠᠯ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠨ᠎ᠠ᠃ | ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠲᠠᠰᠤᠭ ᠲᠣᠭᠤᠷᠢᠭ ᠤᠨ ᠬᠠᠷᠢᠶ᠎ᠠ ᠰᠠᠯᠠᠭᠠᠨ ᠤ | ᠲᠠᠰ ᠤᠨ ᠨᠠᠮ ᠵᠠᠰᠠᠭ ᠤᠨ ᠭᠤᠤᠯ ᠤᠳᠤᠷᠢᠳᠬᠤ ᠺᠠᠳ᠋ᠷ᠂ ᠠᠵᠢᠯ ᠦᠢᠯᠡᠰ ᠤᠨ ᠨᠢᠭᠡᠴᠡ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠭᠤᠤᠯ ᠤᠳᠤᠷᠢᠳᠬᠤ ᠬᠥᠮᠦᠰ ᠤᠨ ᠲᠤᠰᠢᠶᠠᠯ ᠤᠨ ᠬᠤᠭᠤᠴᠠᠭᠠᠨ ᠤ ᠠᠵᠤ | ᠠᠬᠤᠶ ᠶᠢᠨ ᠬᠠᠷᠢᠭᠤᠴᠠᠯᠭ᠎ᠠ ᠳᠤ ᠬᠢᠨᠠᠨ ᠪᠣᠳᠣᠯᠲᠠ ᠬᠢᠬᠦ ᠶᠢ ᠵᠣᠬᠢᠶᠠᠨ ᠪᠠᠶᠢᠭᠤᠯᠤᠨ᠎ᠠ᠃ ᠤᠳᠤᠷᠢᠳᠬᠤ ᠺᠠᠳ᠋ᠷ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠲᠣᠮᠢᠯᠠᠬᠤ︶ ᠳᠤ | ᠬᠢᠨᠠᠨ ᠪᠤᠳᠤᠬᠤ ᠵᠢᠴᠢ ᠭᠠᠵᠠᠷ ᠰᠢᠷᠣᠶ᠂ ᠠᠭᠤᠷᠬᠠᠢ ᠶᠢᠨ ᠭᠠᠷᠤᠯᠲᠠ᠂ ᠨᠤᠲᠤᠭ ᠪᠡᠯᠴᠢᠭᠡᠷ᠂ ᠣᠶ ᠰᠢᠭᠤᠶ᠂ | ᠤᠰᠤᠨ ᠤ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ | ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ ᠢ ᠬᠢᠨᠠᠨ ᠪᠤᠳᠤᠬᠤ ᠪᠠ ᠬᠢᠨᠠᠨ ᠪᠤᠳᠤᠵᠤ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠠᠵᠤ | ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ᠃ ᠳᠣᠲᠣᠭᠠᠳᠤ ᠶᠢᠨ ᠬᠢᠨᠠᠨ ᠪᠣᠳᠣᠬᠤ ᠳᠦᠷᠢᠮ ᠪᠠᠶᠢᠭᠤᠯᠤᠨ ᠲᠡᠭᠦᠯᠳᠡᠷᠵᠢᠭᠦᠯᠬᠦ ᠶᠢ | ᠠᠬᠢᠭᠤᠯᠵᠤ᠂ ᠳᠣᠲᠣᠭᠠᠳᠤ ᠶᠢᠨ ᠬᠢᠨᠠᠨ ᠪᠣᠳᠣᠬᠤ ᠪᠠᠶᠢᠭᠤᠯᠤᠮᠵᠢ ᠳᠠᠭᠠᠨ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠬᠢᠵᠦ᠂ ᠳᠣᠲᠣᠭᠠᠳᠤ ᠶᠢᠨ ᠬᠢᠨᠠᠨ ᠪᠣᠳᠣᠬᠤ ᠠᠵᠢᠯ ᠤᠨ ᠡᠭᠦᠷᠭᠡ ᠪᠠᠨ ᠭᠦᠢᠴᠡᠳᠬᠡᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠨ᠂ ᠳᠣᠲᠣᠭᠠᠳᠤ ᠶᠢᠨ ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ | ᠪᠠᠶᠢᠴᠠᠭᠠᠨ᠎ᠠ᠃ | ᠭᠤᠷᠪᠠ᠂ ᠠᠵᠢᠯᠯᠠᠬᠤ ᠬᠠᠶ᠋ᠢᠭ᠄ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠠᠶᠢᠪᠸᠢ ᠶᠡᠭᠡ | ᠵᠡᠭᠡᠯᠢ ᠶᠢᠨ 1 ᠳ᠋ᠦ᠋ᠭᠡᠷ ᠲᠣᠭᠠᠲᠤ | ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ | 00-1800 | ᠲᠠᠪᠤ᠂ ᠬᠠᠷᠢᠯᠴᠠᠬᠤ ᠠᠷᠭ᠎ᠠ ᠬᠡᠯᠪᠡᠷᠢ᠄ 0473-2059956 | ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠯᠢ ᠯᠸᠢ | | | |