ᠵᠡᠮᠳᠡᠭᠴᠦᠳ ᠤᠨ ᠠᠵᠢᠯ ᠣᠯᠬᠤ ᠡᠷᠬᠡ ᠠᠰᠢᠭ ᠢ ᠪᠠᠲᠤᠯᠠᠵᠤ᠂ ᠬᠥᠮᠦᠨ ᠬᠡᠷᠡᠭᠯᠡᠬᠦ ᠨᠢᠭᠡᠴᠡ ᠶᠢᠨ | ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠤᠰᠢᠶᠠᠬᠤ ᠪᠠ ᠵᠡᠮᠳᠡᠭᠴᠦᠳ ᠢ ᠬᠠᠷᠢᠴᠠᠯ ᠢᠶᠠᠷ | ᠲᠥᠪᠬᠢᠨᠡᠭᠦᠯᠦᠨ ᠠᠵᠢᠯ ᠣᠯᠭᠤᠬᠤ ᠤᠬᠠᠮᠰᠠᠷᠲᠤ ᠴᠢᠨᠠᠷ ᠢ ᠴᠢᠩᠭᠠᠳᠬᠠᠬᠤ ᠶᠢᠨ ᠲᠥᠯᠥᠭᠡ᠂ ᠬᠠᠶᠢᠷᠤᠪ ᠤᠨ ᠲᠣᠬᠤᠢ | ᠲᠣᠭᠤᠷᠢᠭ ᠡᠯ᠎ᠡ ᠲᠠᠯ᠎ᠠ ᠶᠢᠨ ᠬᠦᠴᠦᠨ ᠲᠠᠢ᠂ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠵᠤ᠂ ᠰᠢᠨ᠎ᠡ ᠶᠢ ᠡᠭᠦᠳᠬᠦ ᠰᠡᠳᠬᠢᠬᠦᠶ ᠶᠢ ᠪᠣᠶ ᠪᠣᠯᠭᠠᠵᠤ᠂ ᠣᠯᠠᠨ ᠠᠷᠭ᠎ᠠ ᠬᠡᠮᠵᠢᠶ᠎ᠡ ᠪᠠᠷ ᠵᠡᠮᠳᠡᠭᠴᠦᠳ ᠤᠨ | ᠠᠵᠢᠯ ᠣᠯᠭᠤᠯᠲᠠ ᠶᠢ ᠠᠬᠢᠭᠤᠯᠵᠤ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢᠨ | ᠲᠠᠲᠠᠪᠤᠷᠢᠯᠠᠬᠤ᠂ ᠬᠡᠷᠡᠭᠯᠡᠬᠦ᠂ ᠬᠠᠮᠢᠶᠠᠷᠬᠤ ᠠᠵᠢᠯ ᠢ ᠦᠨᠡᠨᠬᠦ ᠰᠠᠶᠢᠲᠤᠷ ᠬᠢᠪᠡ᠃ | ᠬᠠᠮᠵᠢᠯᠴᠠᠭ᠎ᠠ ᠪᠠᠨ ᠴᠢᠩᠭᠠᠳᠬᠠᠵᠤ ᠬᠠᠮᠲᠤᠪᠠᠷ ᠵᠠᠰᠠᠬᠤ ᠶᠢ ᠠᠬᠢᠭᠤᠯᠤᠨ᠎ᠠ᠃ ᠬᠠᠶᠢᠷᠤᠪ ᠤᠨ ᠲᠣᠬᠤᠢ | ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ︿ᠥᠪᠥᠷ ᠮᠣᠩᠭᠤᠯ ᠤᠨ ᠥ᠊ | ᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠨ | ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠥᠪᠥᠷ | ᠡᠳ᠋ ᠭᠠᠶᠢᠯᠢ ﹇2021﹈ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠠᠭᠠᠷᠳᠠᠨ ᠮᠡᠳᠡᠭᠦᠯᠵᠦ ᠱᠠᠭᠠᠷᠳᠠᠨ ᠲᠤᠰᠢᠶᠠᠬᠤ ᠠᠵᠢᠯ ᠢ ᠰᠠᠶᠢᠲᠤᠷ ᠬᠢᠵᠦ᠂ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠡᠯ᠎ᠡ ᠬᠥᠮᠦᠨ ᠬᠡᠷᠡᠭᠯᠡᠬᠦ ᠨᠢᠭᠡᠴᠡ ᠯᠦᠭᠡ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠵᠡᠮᠳᠡᠭᠴᠦᠳ ᠤᠨ ᠠᠵᠢᠯ | ᠣᠯᠭᠤᠯᠲᠠ ᠶᠢᠨ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠨ ᠬᠤᠷᠢᠶᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠶᠠᠷᠢᠯᠴᠠᠬᠤ ᠶᠢᠨ ᠬᠠᠮᠲᠤ ᠵᠣᠬᠢᠴᠠᠭᠤᠯᠤᠨ | ᠰᠢᠢᠤᠡᠪᠤᠷᠢᠯᠡᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠨᠢᠭᠲᠠ ᠬᠠᠮᠵᠢᠯᠴᠠᠭᠰᠠᠨ᠂ ᠥᠨᠳᠥᠷ ᠪᠦᠲᠦᠮᠵᠢᠲᠡᠶ | ᠬᠠᠮᠵᠢᠯᠴᠠᠭᠰᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠵᠡᠮᠳᠡᠭᠴᠦᠳ ᠤᠨ ᠳᠠᠭᠠᠳᠬᠠᠯ ᠤᠨ | ᠮᠥᠩᠭᠦ ᠶᠢ ᠲᠠᠲᠠᠪᠤᠷᠢᠯᠠᠨ ᠬᠤᠷᠢᠶᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠪᠠ ᠥᠨᠳᠥᠷ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠬᠦᠴᠦᠲᠡᠶ ᠠᠬᠢᠭᠤᠯᠤᠨ᠎ᠠ᠃ | ᠤᠬᠠᠬᠤᠯᠭᠠ ᠪᠠᠷ ᠭᠠᠶᠢᠯᠢ ᠲᠠᠲᠠᠪᠤᠷᠢᠯᠠᠬᠤ ᠶᠢ ᠴᠢᠩᠬᠠᠳᠬᠠᠨ᠎ᠠ᠃ ᠬᠠᠶᠢᠷᠤᠪ ᠤᠨ ᠲᠣᠬᠤᠢ ᠲᠣᠭᠤᠷᠢᠭ ᠤᠨ | ᠵᠡᠮᠳᠡᠭᠴᠦᠳ ᠤᠨ ᠬᠤᠯᠪᠣᠭᠠᠲᠤ ᠬᠤᠷᠠᠯ ᠪᠣᠯᠤᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠣᠯᠠᠨ | ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠳᠡᠪᠲᠡᠷ ᠳᠠᠷᠤᠮᠠᠯᠯᠠᠨ ᠵᠣᠬᠢᠶᠠᠬᠤ ᠪᠠ ᠠᠵᠤ ᠠᠬᠤᠶᠢᠯᠠᠯ ᠳᠤ ᠬᠦᠷᠴᠦ | ᠠᠵᠢᠯ ᠣᠯᠭᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠤᠶᠠᠯᠳᠤᠭᠤᠯᠬᠤ ᠪᠠᠷ ᠳᠠᠮᠵᠢᠨ᠂ ᠵᠡᠮᠳᠡᠭᠴᠦᠳ ᠤᠨ | ᠳᠠᠭᠠᠳᠬᠠᠯ ᠤᠨ ᠮᠥᠩᠭᠦ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ ᠬᠥᠮᠦᠨ ᠬᠡᠷᠡᠭᠯᠡᠬᠦ | ᠨᠢᠭᠡᠴᠡ ᠶᠢᠨ ᠵᠡᠮᠳᠡᠭᠴᠦᠳ ᠲᠤ ᠠᠵᠢᠯ ᠣᠯᠬᠤ ᠲᠣᠬᠢᠶᠠᠯ ᠬᠠᠩᠭᠠᠬᠤ ᠶᠢ ᠵᠣᠷᠢᠭᠵᠢᠭᠤᠯᠤᠨ᠎ᠠ᠃ ᠬᠡᠰᠡᠭ ᠠᠵᠤ | ᠠᠬᠤᠶᠢᠯᠠᠯ ᠤᠨ ᠵᠡᠮᠳᠡᠭᠴᠦᠳ ᠤᠨ ᠳᠠᠭᠠᠳᠬᠠᠯ ᠤᠨ ᠮᠥᠩᠭᠦ ᠶᠢᠨ ᠠᠵᠢᠯ ᠤᠨ ᠴᠢᠬᠤᠯᠠ ᠴᠢᠨᠠᠷ ᠤᠨ ᠲᠤᠬᠠᠶ | ᠲᠠᠨᠢᠯᠲᠠ ᠪᠠᠨ ᠪᠣᠳᠠᠲᠠᠶᠢᠵᠢᠭᠤᠯᠤᠭᠰᠠᠨ ᠥᠬᠡᠶ᠂ ᠲᠦᠯᠬᠢᠬᠦ᠂ ᠤᠳᠠᠭᠠᠰᠢᠷᠠᠭᠤᠯᠬᠤ ᠵᠡᠷᠭᠡ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ᠬᠠᠶᠢᠷᠤᠪ ᠤᠨ ᠲᠣᠬᠤᠶ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ | ᠪᠣᠯᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠤᠲᠠᠰᠤ ᠪᠠᠷ ᠠᠵᠤ ᠠᠬᠤᠶᠢᠯᠠᠯ ᠢ ᠰᠢᠪᠠᠳᠠᠨ ᠲᠤᠰᠢᠶᠠᠬᠤ᠂ | ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠬᠥᠮᠦᠨ ᠬᠡᠷᠡᠭᠯᠡᠬᠦ | ᠡᠯ᠎ᠡ ᠨᠢᠭᠡᠴᠢ ᠳᠤ ᠵᠡᠮᠳᠡᠭᠴᠦᠳ ᠤᠨ ᠳᠠᠭᠠᠳᠬᠠᠯ ᠤᠨ ᠮᠥᠩᠭᠦ ᠲᠤᠰᠢᠶᠠᠬᠤ ᠪᠣᠯ ᠭᠦᠢᠴᠡᠳᠬᠡᠪᠡᠰᠦ ᠵᠣᠬᠢᠬᠤ | ᠨᠡᠶᠢᠭᠡᠮ ᠤᠨ ᠡᠭᠦᠷᠭᠡ ᠪᠠ ᠡᠭᠦᠷᠭᠡᠯᠡᠪᠡᠰᠦ ᠵᠣᠬᠢᠬᠤ ᠨᠡᠶᠢᠭᠡᠮ ᠤᠨ ᠬᠠᠷᠢᠭᠤᠴᠠᠯᠭ᠎ᠠ ᠮᠥᠨ ᠭᠡᠳᠡᠭ ᠢ ᠭᠦᠨᠵᠡᠭᠡᠶ | ᠲᠠᠨᠢᠭᠤᠯᠪᠠ᠃ | ᠬᠠᠪᠰᠤᠷᠤᠨ ᠵᠢᠯᠣᠭᠤᠳᠴᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠴᠢᠩᠭᠠᠳᠬᠠᠨ᠎ᠠ᠃ ᠬᠠᠶᠢᠷᠤᠪ ᠤᠨ ᠲᠣᠬᠤᠢ | ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ︽ᠦᠬᠠᠶ ᠬᠤᠲᠠ ᠶᠢᠨ 2024 ᠣᠨ ᠳᠤ ᠬᠠᠷᠢᠶᠠᠯᠠᠬᠤ | ᠬᠤᠭᠤᠴᠠᠭᠠᠨ ᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ | ᠲᠠᠲᠠᠪᠤᠷᠢᠯᠠᠬᠤ ᠠᠵᠢᠯ ᠤᠨ ᠲᠤᠬᠠᠶ ᠮᠡᠳᠡᠭᠳᠡᠯ︾ ︵ ᠦᠬᠠᠢ ᠶᠢᠨ ᠵᠡᠮᠳᠡᠭᠴᠦᠳ ᠤᠨ ᠬᠤᠯᠪᠣᠭᠠᠲᠤ ᠬᠤᠷᠠᠯ | ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠬᠠᠪᠰᠤᠷᠤᠨ ᠵᠢᠯᠣᠭᠤᠳᠬᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠠᠵᠢᠯ ᠤᠨ | ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠶᠡᠷᠦᠩᠬᠡᠶ ᠲᠤᠭ᠎ᠠ ᠨᠢ 30 ᠬᠥᠮᠦᠨ ︵ᠪᠠᠭᠲᠠᠨ᠎ᠠ︶ ᠠᠴᠠ | ᠳᠣᠷᠣᠭᠰᠢᠬᠢ ᠬᠥᠮᠦᠨ ᠬᠡᠷᠡᠭᠯᠡᠬᠦ ᠨᠢᠭᠡᠴᠡ ᠳᠤ ᠵᠡᠮᠳᠡᠭᠴᠦᠳ ᠤᠨ ᠳᠠᠭᠠᠳᠬᠠᠯ ᠤᠨ ᠮᠥᠩᠭᠦ ᠶᠢ ᠲᠦᠷ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠦᠨ᠎ᠡ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ᠂ | ᠵᠡᠮᠳᠡᠭᠴᠦᠳ ᠤᠨ ᠳᠠᠭᠠᠳᠬᠠᠯ ᠤᠨ ᠮᠥᠩᠭᠦ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠤᠬᠠᠭᠤᠯᠵᠤ᠂ | ᠬᠥᠮᠦᠨ ᠬᠡᠷᠡᠭᠯᠡᠬᠦ ᠨᠢᠭᠡᠴᠡ ᠳᠤ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ᠂ ᠴᠤᠪᠤᠷᠠᠯ ᠵᠡᠷᠭᠡ ᠠᠰᠠᠭᠤᠨ ᠯᠠᠪᠯᠠᠬᠤ | ᠦᠢᠯᠡᠴᠢᠯᠡᠭᠡ ᠬᠠᠩᠭᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ | 2024 ᠣᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠵᠡᠮᠳᠡᠭᠴᠦᠳ ᠤᠨ ᠳᠠᠭᠠᠳᠬᠠᠯ ᠤᠨ ᠮᠥᠩᠭᠦ | ᠨᠡᠶᠢᠲᠡ 10493 ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠪᠠᠶᠢᠭᠤᠯᠭ᠎ᠠ 10493 ᠡᠷᠦᠭᠡ ᠶᠢ | ᠭᠤᠶᠤᠴᠢᠯᠠᠨ ᠮᠡᠳᠡᠭᠦᠯᠵᠦ᠂ 2023 ᠣᠨ ᠳᠤ 3166.24 ᠲᠦᠮᠡᠨ ᠲᠥᠭᠦᠷᠢᠭ ᠢ ᠵᠢᠩᠬᠢᠨᠢ ᠪᠠᠷ ᠬᠥᠮᠥᠷᠭᠡ ᠳᠤ | ᠣᠷᠣᠭᠤᠯᠵᠤ᠂ 51 ᠵᠡᠮᠳᠡᠭᠴᠦᠳ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢ ᠬᠢᠨᠠᠨ ᠬᠠᠷᠭᠤᠭᠤᠯᠵᠤ᠂ | 510 ᠵᠡᠮᠳᠡᠭᠴᠦᠳ ᠢ ᠲᠥᠪᠬᠢᠨᠡᠭᠦᠯᠪᠡ᠃ ︵ᠡᠭᠦᠨ ᠳᠤ᠄ 2022 ᠣᠨ ᠤ ᠬᠡᠷ ᠪᠦᠯᠢ ᠶᠢᠨ ᠬᠤᠭᠤᠴᠠᠭ᠎ᠠ | ᠶᠣᠰᠣᠭᠠᠷ 3093.07 ᠲᠦᠮᠡᠨ ᠲᠥᠭᠦᠷᠢᠭ ᠬᠥᠮᠥᠷᠭᠡᠯᠡᠵᠦ᠂ 42 ᠵᠡᠮᠳᠡᠭᠴᠦᠳ ᠤᠨ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠶᠢ ᠬᠢᠨᠠᠨ ᠬᠠᠷᠭᠤᠭᠤᠯᠵᠤ᠂ 374 ᠵᠡᠮᠳᠡᠭᠴᠦᠳ ᠢ ᠲᠥᠪᠬᠢᠨᠡᠭᠦᠯᠪᠡ︶ ᠴᠡᠪᠡᠷ ᠬᠥᠮᠥᠷᠭᠡ ᠳᠤ | ᠣᠷᠣᠭᠤᠯᠤᠭᠰᠠᠨ ᠵᠣᠭᠤᠰ ᠤᠨ ᠲᠤᠭ᠎ᠠ᠂ ᠲᠥᠪᠬᠢᠨᠡᠭᠦᠯᠦᠭᠰᠡᠨ ᠵᠡᠮᠳᠡᠭᠴᠦᠳ ᠤᠨ ᠲᠤᠭ᠎ᠠ ᠬᠡᠮᠵᠢᠶ᠎ᠡ ᠨᠢ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 2.37%᠂ 36.36% ᠪᠠᠶᠢᠵᠤ᠂ ᠡᠨᠡ ᠵᠢᠯ ᠤᠨ | ᠲᠠᠲᠠᠪᠤᠷᠢᠯᠠᠬᠤ ᠲᠤᠭ᠎ᠠ ᠪᠠᠷᠢᠮᠲᠠ ᠶᠢᠨ ᠲᠤᠭ᠎ᠠ ᠪᠠᠷᠢᠮᠲᠠ ᠨᠢ ᠳᠠᠬᠢᠨ ᠰᠢᠨ᠎ᠡ ᠲᠡᠮᠳᠡᠭᠯᠡᠯ ᠢ ᠡᠭᠦᠳᠪᠡ᠃ | ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠪᠦᠲᠦᠮᠵᠢᠲᠡᠶ ᠪᠠᠷ ᠲᠠᠲᠠᠪᠤᠷᠢᠯᠠᠬᠤ ᠶᠢ | ᠴᠢᠩᠭᠠᠳᠬᠠᠬᠤ ᠪᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠡ ᠶᠢᠨ ᠵᠡᠮᠳᠡᠭᠴᠦᠳ ᠲᠤ ᠠᠵᠢᠯ ᠣᠯᠭᠤᠬᠤ | ᠠᠵᠢᠯ ᠤᠨ ᠪᠠᠶᠢᠷᠢ ᠶᠢ ᠥᠷᠭᠡᠳᠬᠡᠬᠦ ᠶᠢ ᠵᠣᠷᠢᠭᠵᠢᠭᠤᠯᠵᠤ᠂ ᠳᠦᠷᠢᠮ ᠢ ᠴᠢᠩᠭ᠎ᠠ ᠬᠡᠷᠡᠭᠵᠢᠭᠦᠯᠬᠦ᠂ ᠠᠵᠢᠯ | ᠣᠯᠭᠤᠬᠤ ᠶᠢ ᠪᠦᠲᠦᠮᠵᠢᠲᠡᠶ ᠠᠬᠢᠭᠤᠯᠬᠤ ᠰᠠᠶᠢᠨ ᠣᠷᠴᠢᠯ ᠲᠠᠢ ᠪᠣᠯᠭᠠᠬᠤ ᠶᠢ ᠲᠦᠯᠬᠢᠨ ᠠᠬᠢᠭᠤᠯᠵᠤ᠂ | ᠵᠡᠮᠳᠡᠭᠴᠦᠳ ᠲᠤ ᠠᠵᠢᠯ ᠣᠯᠭᠤᠬᠤ ᠪᠠ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ | ᠬᠦᠴᠦᠲᠡᠶ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ᠃ | | |