ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠺᠠᠩ ᠯᠧ ᠨᠡᠶᠢᠭᠡᠮ ᠲᠣᠭᠤᠷᠢᠭ︶ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠣᠨ ᠤ ᠠᠵᠢᠯ ᠤᠨ ᠳ᠋ᠦᠩᠨᠡᠯᠲᠡ ᠵᠢᠴᠢ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/20
    2024 ᠤᠨ ᠤᠳᠠᠯ ᠦᠭᠡᠢ ᠳᠠᠭᠤᠰᠤᠨ᠎ᠠ᠂ ᠰᠢᠨ᠎ᠡ ᠨᠢᠭᠡ ᠵᠢᠯ ᠤᠳᠠᠯ ᠦᠭᠡᠢ ᠡᠬᠢᠯᠡᠨ᠎ᠡ᠃ ᠣᠶᠢᠷ᠎ᠠ ᠳᠤ᠂ ᠺᠠᠩ ᠯᠧ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠨᠡᠶᠢᠭᠡᠮ ᠲᠣᠭᠤᠷᠢᠭ ᠤᠨ ᠬᠤᠷᠠᠯ ᠤᠨ ᠬᠡᠷ ᠲᠤ 2024 ᠣᠨ ᠤ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠪᠠ᠃ ᠰᠢᠨᠬᠤᠸᠠ ᠵᠡᠭᠡᠯᠢ ᠭᠤᠳᠤᠮᠵᠢ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ᠂ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯᠲᠠᠨ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ︽ᠲᠠᠪᠤᠨ ᠠᠬᠠᠮᠠᠳ︾ ᠵᠡᠷᠭᠡ ᠨᠡᠶᠢᠲᠡ 16 ᠬᠥᠮᠦᠨ ᠲᠣᠰ ᠤᠳᠠᠭᠠᠨ ᠤ ᠬᠤᠷᠠᠯ ᠳᠤ ᠣᠷᠣᠯᠴᠠᠪᠠ᠃
41723.png   
    ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯᠲᠠᠳ 2024 ᠣᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠢᠴᠢ ᠰᠠᠨᠠᠯ ᠰᠠᠨᠠᠭᠤᠯᠭ᠎ᠠ ᠳᠤᠷᠠᠳᠴᠠᠶ᠃ ᠰᠢᠨᠬᠤᠸᠠ ᠵᠡᠭᠡᠯᠢ ᠭᠤᠳᠤᠮᠵᠢ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠺᠠᠩ ᠯᠧ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ 2024 ᠣᠨ ᠤ ᠠᠵᠢᠯ ᠢ ᠠᠬᠢᠭᠤᠯᠤᠭᠰᠠᠨ ᠪᠠᠶᠢᠳᠠᠯ ᠶᠡᠷᠦᠩᠬᠡᠶ ᠳᠡᠭᠡᠨ ᠨᠡᠯᠢᠶᠡᠳ ᠰᠠᠶᠢᠨ ᠪᠠᠶᠢᠨ᠎ᠠ᠂ ᠭᠡᠪᠡᠴᠦ ᠪᠠᠰᠠ ᠵᠣᠬᠢᠬᠤ ᠠᠰᠠᠭᠤᠳᠠᠯ ᠣᠷᠣᠰᠢᠵᠤ ᠪᠠᠶᠢᠨ᠎ᠠ᠂ ᠢᠷᠡᠬᠦ ᠵᠢᠯ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠣᠷᠬᠢᠭᠳᠠᠯ ᠢ ᠪᠠᠶᠢᠴᠠᠭᠠᠨ ᠨᠥᠬᠦᠪᠥᠷᠢᠯᠡᠵᠦ᠂ 2025 ᠣᠨ ᠳᠤ ᠲᠣᠭᠲᠠᠭᠠᠭᠰᠠᠨ ᠠᠵᠢᠯ ᠤᠨ ᠲᠥᠯᠥᠪᠯᠡᠭᠡ ᠶᠢᠨ ᠲᠠᠯ᠎ᠠ ᠪᠠᠷ ᠵᠢᠭᠰᠠᠭᠠᠭᠰᠠᠨ ᠠᠵᠢᠯ ᠤᠨ ᠬᠠᠷᠠᠯᠲᠠ ᠪᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠬᠠᠮᠤᠭ ᠰᠡᠭᠦᠯ ᠳᠤ ᠰᠢᠨᠬᠤᠸᠠ ᠵᠡᠭᠡᠯᠢ ᠭᠤᠳᠤᠮᠵᠢ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠣᠯᠠᠨ ᠲᠠᠢ ᠬᠠᠮᠲᠤ ︽ᠸᠠᠩ ᠸᠧᠶ ᠱᠠᠨ ᠨᠥᠬᠦᠷ ᠤᠨ ᠪᠥᠬᠦ ᠣᠷᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠪᠣᠯᠤᠨ ︽ᠵᠠᠩ ᠶᠤᠸᠠᠨ ᠵᠥᠩ ᠨᠥᠬᠦᠷ ᠤᠨ ᠳ᠋ᠦᠩᠨᠡᠯᠲᠡ ᠶᠢᠨ ᠶᠠᠷᠢᠶᠠᠨ ᠤ ᠵᠣᠷᠢᠭ ᠰᠠᠨᠠᠭ᠎ᠠ︾ ᠶᠢ ᠨᠠᠷᠢᠨ ᠬᠢᠨᠠᠮᠠᠭᠠᠶ ᠰᠤᠷᠤᠯᠴᠠᠪᠠ᠃
41724.png   
    ᠳᠠᠷᠠᠭᠠᠴᠢ ᠶᠢᠨ ᠠᠯᠬᠤᠮ ᠳᠤ᠂ ᠺᠠᠩ ᠯᠧ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ︽ᠲᠠᠪᠤᠨ ᠠᠬᠠᠮᠠᠳ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠯᠪᠠᠰᠤᠷᠠᠯ ᠤᠨ ᠬᠡᠯᠪᠡᠷᠢ ᠪᠠ ᠠᠭᠤᠯᠭ᠎ᠠ ᠶᠢᠨ ᠰᠢᠨ᠎ᠡ ᠶᠢ ᠡᠭᠦᠳᠴᠦ᠂ ᠨᠡᠶᠢᠭᠡᠮ᠂ ᠰᠤᠷᠭᠠᠭᠤᠯᠢ᠂ ᠭᠡᠷ ᠪᠦᠯᠢ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠤᠷᠤᠭᠰᠢ ᠬᠥᠭᠵᠢᠬᠦ ᠶᠢ ᠦᠷᠭᠦᠯᠵᠢᠯᠡᠨ ᠯᠠᠪᠳᠠᠭᠤᠨ ᠢᠶᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠳᠤ ᠵᠣᠬᠢᠴᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠠᠵᠢᠯ ᠤᠨ ᠰᠡᠳᠬᠢᠴᠡ ᠪᠠ ᠠᠵᠢᠯ ᠤᠨ ᠠᠷᠭ᠎ᠠ ᠶᠢᠨ ᠰᠢᠨ᠎ᠡ ᠶᠢ ᠡᠭᠦᠳᠦᠨ᠎ᠡ᠃ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠬᠦ ᠪᠠᠷ ᠲᠠᠪᠴᠠᠩ ᠪᠣᠯᠭᠠᠵᠤ᠂ ᠲᠤᠰᠬᠠᠶ ᠮᠡᠷᠭᠡᠵᠢᠯ ᠤᠨ᠂ ᠣᠨᠣᠪᠴᠢᠲᠠᠶ᠂ ᠨᠠᠷᠠᠲᠤ ᠲᠡᠮᠳᠡᠭᠴᠢᠯᠡᠭᠰᠡᠨ ᠪᠦᠬᠦᠨ ᠢ ᠬᠠᠮᠤᠷᠬᠤ ᠦᠢᠯᠡᠴᠢᠯᠡᠭᠡ ᠬᠠᠩᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠶ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号