12 ᠰᠠᠷ᠎ᠠ ᠶᠢᠨ 19 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢ ᠠᠬᠢᠭᠤᠯᠬᠤ ᠬᠤᠷᠠᠯ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠪᠠᠭ᠎ᠠ | ᠰᠤᠷᠭᠠᠭᠤᠯᠢ ᠶᠢᠨ ᠯᠦᠩ ᠶᠢᠦ ᠸᠠᠨ ᠰᠤᠷᠭᠠᠭᠤᠯᠢ ᠶᠢᠨ ᠲᠣᠭᠤᠷᠢᠭ ᠲᠤ ᠬᠤᠷᠠᠯᠳᠤᠪᠠ᠃ ᠬᠤᠲᠠ᠂ ᠲᠣᠭᠤᠷᠢᠭ | ᠬᠤᠶᠠᠷ ᠱᠠᠲᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠰ ᠤᠳᠠᠭᠠᠨ ᠤ ᠠᠬᠢᠭᠤᠯᠬᠤ ᠬᠤᠷᠠᠯ ᠳᠤ | ᠣᠷᠣᠯᠴᠠᠪᠠ᠃ | | ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ | ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠵᠢᠴᠢ ᠲᠤᠷᠰᠢᠯᠲᠠ ᠶᠢᠨ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠤᠨ ᠠᠬᠤᠶ | ᠪᠠᠶᠢᠳᠠᠯ ᠵᠢᠴᠢ ᠭᠤᠤᠯᠳᠠᠯᠭ᠎ᠠ ᠲᠠᠢ ᠠᠵᠢᠯ ᠳᠤ ᠭᠦᠨᠵᠡᠭᠡᠶ ᠲᠠᠶᠢᠯᠤᠮᠵᠢ ᠬᠢᠵᠡᠶ᠃ ᠬᠠᠶᠢᠷᠤᠪ ᠤᠨ ᠲᠤᠬᠤᠢ | ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠪᠠᠭᠰᠢ ᠨᠠᠷ᠂ | ᠲᠥᠰᠦᠯ ᠳᠤ ᠬᠠᠮᠤᠷᠤᠭᠳᠠᠭᠰᠠᠨ ᠡᠯ᠎ᠡ ᠰᠢᠨᠵᠢᠯᠡᠭᠡᠨ ᠤ ᠠᠭᠤᠯᠭ᠎ᠠ ᠳᠤ ᠴᠢᠭᠯᠡᠭᠦᠯᠦᠨ᠂ ᠪᠦᠬᠦ ᠲᠠᠯ᠎ᠠ ᠶᠢᠨ ᠪᠥᠭᠡᠳ | ᠨᠠᠷᠢᠨ ᠨᠢᠭᠲᠠ ᠬᠢᠴᠢᠶᠡᠯ ᠤᠨ ᠱᠠᠭᠠᠷᠳᠠᠯᠭ᠎ᠠ ᠶᠢᠨ ᠲᠣᠳᠣᠷᠬᠠᠶᠢᠯᠠᠯᠲᠠ ᠵᠢᠴᠢ ᠭᠦᠨᠵᠡᠭᠡᠢ ᠲᠠᠶᠢᠯᠤᠮᠵᠢ ᠬᠢᠵᠡᠢ᠃ ᠡᠯ᠎ᠡ | ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠬᠠᠷᠠᠯᠲᠠ ᠪᠠ ᠭᠤᠤᠯ ᠠᠭᠤᠯᠭ᠎ᠠ ᠶᠢ ᠲᠣᠳᠣᠷᠬᠠᠶᠢᠯᠠᠭᠰᠠᠨ ᠢᠶᠠᠷ | ᠪᠠᠷᠠᠬᠤ ᠥᠬᠡᠶ᠂ ᠪᠠᠰᠠ ᠵᠢᠭᠠᠨ ᠰᠤᠷᠭᠠᠯᠲᠠ ᠶᠢᠨ ᠠᠷᠭ᠎ᠠ᠂ ᠦᠨᠡᠯᠡᠨ ᠵᠢᠱᠢᠬᠦ ᠰᠢᠰᠲ᠋ᠧᠮ ᠵᠡᠷᠭᠡ ᠵᠠᠩᠭᠢᠯᠠᠭ᠎ᠠ ᠶᠢᠨ | ᠭᠤᠭᠴᠤᠭ᠎ᠠ ᠳᠤ ᠪᠣᠳᠠᠲᠠᠶ ᠵᠢᠯᠣᠭᠤᠳᠣᠯᠭ᠎ᠠ ᠥᠭᠴᠦ᠂ ᠰᠤᠷᠭᠠᠨ ᠬᠥᠮᠦᠵᠢᠯ ᠤᠨ ᠠᠵᠢᠯᠲᠠᠳ ᠢ ᠬᠠᠪᠰᠤᠷᠤᠨ ᠵᠢᠭᠠᠨ | ᠰᠤᠷᠭᠠᠯᠲᠠ ᠶᠢᠨ ᠴᠢᠭᠯᠡᠯ ᠢ ᠨᠠᠩ ᠰᠠᠶᠢᠲᠤᠷ ᠡᠵᠡᠮᠳᠡᠭᠰᠡᠨ ᠪᠠᠶᠢᠨ᠎ᠠ᠃ | | ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠬᠠᠷᠢᠭᠤ ᠮᠡᠳᠡᠭᠦᠯᠦᠯᠲᠡ ᠶᠢᠨ ᠶᠠᠷᠢᠶ᠎ᠠ ᠵᠢᠴᠢ ᠭᠤᠶᠢᠳᠠ | ᠰᠠᠶᠢᠬᠠᠨ ᠦᠷ᠎ᠡ ᠪᠦᠲᠦᠭᠡᠯ ᠤᠨ ᠦᠵᠡᠭᠦᠯᠦᠯᠭᠡ ᠬᠢᠵᠡᠢ᠃ ᠲᠡᠳᠡ ︽ᠠᠭᠠᠷ ᠤᠨ ᠫᠤᠤ︾ ᠵᠡᠷᠭᠡ ᠠᠯᠢ ᠣᠯᠠᠨ | ᠠᠮᠢᠳᠤᠯᠢᠭ ᠪᠥᠭᠡᠳ ᠰᠣᠨᠢᠷᠬᠠᠯᠲᠠᠶ ᠰᠢᠨᠵᠢᠯᠡᠬᠦ ᠤᠬᠠᠭᠠᠨ ᠤ ᠲᠤᠷᠰᠢᠯᠲᠠ ᠪᠠᠷ ᠳᠠᠮᠵᠢᠭᠤᠯᠤᠨ᠂ ᠰᠢᠨᠵᠢᠯᠡᠬᠦ | ᠤᠬᠠᠭᠠᠨ ᠤ ᠰᠤᠷᠭᠠᠨ ᠬᠥᠮᠦᠵᠢᠯ ᠤᠨ ᠬᠢᠵᠠᠭᠠᠯᠠᠰᠢ ᠦᠭᠡᠢ ᠲᠠᠲᠠᠬᠤ ᠬᠦᠴᠦᠨ ᠪᠠ ᠰᠣᠨᠢᠷᠬᠠᠯᠲᠤ ᠴᠢᠨᠠᠷ ᠢ | ᠭᠦᠢᠴᠡᠳ ᠢᠯᠡᠷᠡᠭᠦᠯᠪᠡ᠃ ᠡᠳᠡᠭᠡᠷ ᠲᠤᠷᠰᠢᠯᠲᠠ ᠨᠢ ᠰᠤᠷᠤᠭᠴᠢᠳ ᠤᠨ ᠰᠢᠨᠵᠢᠯᠡᠬᠦ ᠤᠬᠠᠭᠠᠨ ᠤ ᠰᠣᠨᠢᠷᠬᠠᠯ ᠢ | ᠬᠥᠭᠵᠢᠭᠡᠵᠦ ᠴᠢᠳᠠᠬᠤ ᠪᠠᠷ ᠪᠠᠷᠠᠬᠤ ᠦᠭᠡᠢ᠂ ᠰᠤᠷᠤᠭᠴᠢᠳ ᠤᠨ ᠰᠢᠨ᠎ᠡ ᠶᠢ ᠡᠭᠦᠳᠬᠦ ᠰᠡᠳᠬᠢᠬᠦᠢ ᠪᠠ | ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠲᠠᠯ᠎ᠠ ᠪᠠᠷ ᠬᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠰᠢᠯᠭᠠᠨ ᠪᠠᠲᠤᠯᠠᠵᠤ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠦᠷᠭᠦᠯᠵᠢᠯᠡᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | | ᠲᠣᠰ ᠤᠳᠠᠭᠠᠨ ᠤ ᠬᠤᠷᠠᠯ ᠨᠢ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠰᠤᠷᠭᠠᠭᠤᠯᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠨᠡᠶᠢᠭᠡᠮ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ | ᠵᠣᠯᠭᠠᠭᠤᠯᠬᠤ ᠶᠢ ᠴᠢᠩᠭᠠᠳᠬᠠᠵᠤ᠂ ᠰᠤᠷᠤᠭᠴᠢᠳ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠢᠨᠵᠢᠯᠡᠬᠦ | ᠤᠬᠠᠭᠠᠨ ᠤ ᠮᠡᠳᠡᠯᠭᠡ ᠰᠤᠷᠤᠯᠴᠠᠭᠤᠯᠵᠤ᠂ ᠰᠤᠷᠭᠠᠭᠤᠯᠢ ᠳᠤ ᠰᠣᠷᠣᠭᠰᠠᠨ ᠮᠡᠳᠡᠯᠭᠡ ᠶᠢ ᠡᠳᠦᠷ ᠲᠤᠲᠤᠮ ᠤᠨ | ᠠᠮᠢᠳᠤᠷᠠᠯ ᠳᠤ ᠪᠦᠲᠦᠮᠵᠢᠲᠡᠶ ᠬᠡᠷᠡᠭᠯᠡᠬᠦ ᠶᠢᠨ ᠲᠥᠯᠥᠭᠡ ᠶᠤᠮ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠰ | ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ | ᠬᠥᠮᠦᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ | ᠵᠣᠷᠢᠭ ᠰᠠᠨᠠᠭ᠎ᠠ ᠪᠣᠯᠤᠨ ᠦᠢᠯᠡᠳᠦᠯᠭᠡ ᠶᠢᠨ ᠴᠢᠳᠠᠪᠤᠷᠢ ᠲᠠᠢ ᠢᠷᠡᠭᠡᠳᠦᠢ ᠶᠢᠨ ᠴᠢᠳᠠᠪᠤᠷᠢᠲᠠᠨ ᠢ ᠬᠥᠮᠦᠵᠢᠭᠦᠯᠬᠦ ᠳᠤ | ᠪᠠᠲᠤ ᠪᠠᠬᠢ ᠰᠠᠭᠤᠷᠢ ᠲᠠᠯᠪᠢᠨ᠎ᠠ᠃ | |