︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠶᠢ ᠪᠠᠷᠢᠮᠲᠠᠯᠠᠵᠤ᠂ ᠦᠬᠠᠶ ᠬᠤᠲᠠ ᠤᠯᠠᠮᠵᠢᠯᠠᠯᠲᠤ ᠨᠡᠭᠦᠷᠡᠰᠦ ᠬᠡᠦᠷᠡᠰᠦ ᠶᠢᠨ ᠠᠵᠤ ᠦᠢᠯᠡᠰ ᠤᠨ | ︿ᠭᠤᠷᠪᠠ ᠶᠢ ᠡᠮᠬᠢᠯᠡᠨ ᠨᠡᠶᠢᠯᠡᠭᠦᠯᠬᠦ﹀ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠦᠵᠦᠭᠦᠷ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠣᠭᠲᠠᠭᠤᠨ | ᠰᠠᠭᠤᠷᠢ ᠶᠢ ᠲᠠᠯᠪᠢᠪᠠ᠃ ᠳᠡᠭᠡᠳᠦ ᠤᠷᠤᠰᠬᠠᠯ ᠪᠣᠯ ᠨᠡᠭᠦᠷᠡᠰᠦ ᠮᠠᠯᠲᠠᠬᠤ ᠠᠭᠤᠷᠬᠠᠶ ᠶᠢᠨ ᠡᠷᠬᠡ ᠶᠢ ᠡᠮᠬᠢᠯᠡᠨ | ᠨᠡᠶᠢᠯᠡᠭᠦᠯᠵᠦ ᠬᠡᠪᠴᠢᠶ᠎ᠡ ᠶᠢ ᠪᠠᠭ᠎ᠠ ᠪᠠᠶᠢᠭᠰᠠᠨ ᠠᠴᠠ ᠶᠡᠭᠡ ᠪᠣᠯᠭᠠᠬᠤ ᠶᠢ ᠪᠡᠶᠡᠯᠡᠭᠦᠯᠵᠦ᠂ ᠳᠤᠮᠳᠠᠳᠤ ᠤᠷᠤᠰᠬᠠᠯ ᠪᠣᠯ | ᠨᠡᠭᠦᠷᠡᠰᠦ ᠤᠬᠢᠶᠠᠵᠤ ᠰᠢᠯᠢᠵᠦ ᠪᠣᠯᠪᠠᠰᠤᠷᠠᠭᠤᠯᠬᠤ ᠠᠵᠢᠯ ᠲᠥᠷᠥᠯ ᠤᠨ ᠡᠭᠴᠡ ᠨᠢᠭᠡ ᠴᠣᠭᠴᠠᠵᠢᠭᠰᠠᠨ | ᠨᠢᠭᠡᠳᠬᠡᠯᠲᠡ ᠶᠢᠨ ᠦᠷ᠎ᠡ ᠠᠰᠢᠭ ᠢ ᠪᠠᠭᠤᠷᠠᠶ ᠠᠴᠠ ᠬᠦᠴᠦᠷᠬᠡᠭ ᠪᠣᠯᠭᠠᠵᠤ᠂ ᠳᠣᠤᠷᠠᠳᠤ ᠤᠷᠤᠰᠬᠠᠯ ᠪᠣᠯ | ᠬᠡᠦᠷᠰᠢᠭᠦᠯᠬᠦ ᠶᠢ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠵᠦ ᠪᠠᠶᠢᠭᠠᠳ ᠬᠡᠯᠬᠢᠶ᠎ᠡ ᠶᠢ ᠣᠬᠤᠷ | ᠪᠠᠶᠢᠭᠰᠠᠨ ᠠᠴᠠ ᠣᠷᠳᠣ ᠪᠣᠯᠭᠠᠬᠤ ᠶᠢ ᠪᠡᠶᠡᠯᠡᠭᠦᠯᠦᠨ᠎ᠡ᠃ ᠪᠦᠬᠦ ᠪᠥᠮᠪᠥᠷᠴᠡᠭ ᠤᠨ ᠬᠠᠮᠤᠭ ᠤᠨ ᠶᠡᠭᠡ BDO ᠶᠢ | ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ BDO ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠳᠤ ᠦᠬᠠᠢ ᠶᠢᠨ ᠤᠶᠤᠨ ᠤᠬᠠᠭᠠᠨ᠂ | ᠦᠬᠠᠢ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠤ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠰᠦᠨ ᠬᠤᠤ ᠲᠠᠨᠢᠯᠴᠠᠭᠤᠯᠪᠠ᠃ | 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠡᠭᠡᠨ᠂ ᠠᠵᠤ ᠦᠢᠯᠡᠳᠪᠦᠷᠢ ᠶᠢᠨ ᠬᠢᠨ ︽ᠳᠤᠮᠳᠠᠳᠤ ᠤᠷᠤᠰᠬᠠᠯ ᠳᠤ ᠣᠷᠣᠬᠤ︾ ᠬᠠᠷᠠᠯᠲᠠ ᠶᠢ | ᠲᠡᠷᠢᠭᠦᠨ ᠳᠤ ᠲᠠᠯᠪᠢᠵᠤ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ | ᠬᠦᠴᠦᠷᠬᠡᠭᠵᠢᠬᠦ᠂ ᠲᠤᠯᠭᠠᠭᠤᠷᠢᠯᠠᠯ ᠢᠶᠠᠨ ᠴᠢᠩᠭᠠᠳᠬᠠᠬᠤ ᠶᠢᠨ ᠲᠣᠭᠤᠷᠢᠨ ᠳᠤ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |