ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ | ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ | ᠳᠠᠯᠳᠠ ᠬᠡᠮ ᠢ ᠴᠢᠩᠭ᠎ᠠ ᠪᠠᠶᠢᠴᠠᠭᠠᠨ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠦᠵᠡᠯ | ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 12 ᠰᠠᠷ᠎ᠠ ᠶᠢᠨ 20 ᠤ ᠡᠳᠦᠷ᠂ ᠮᠠᠨ ᠤ | ᠲᠣᠪᠴᠢᠶ᠎ᠠ ᠪᠤᠰᠤᠳ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠰᠢᠨ᠎ᠡ ᠪᠠᠷ ᠪᠠᠶᠢᠭᠤᠯᠬᠤ ᠪᠠᠷ ᠭᠤᠶᠤᠴᠢᠯᠠᠬᠤ ᠳᠤ ᠬᠠᠮᠢᠶ᠎ᠠ ᠪᠥᠬᠦᠶ ᠪᠠᠶᠢᠴᠠᠭᠠᠯᠲᠠ ᠥᠷᠨᠢᠭᠦᠯᠪᠡ᠃ | | ᠪᠠᠶᠢᠴᠠᠭᠠᠬᠤ ᠶᠠᠪᠤᠴᠠ ᠳᠤ᠂ ᠮᠠᠨ ᠤ ᠲᠣᠪᠴᠢᠶ᠎ᠠ ᠴᠠᠭᠠᠰᠤᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠪᠠᠶᠢᠳᠠᠯ᠂ ᠭᠠᠯ | ᠤᠨᠲᠠᠷᠠᠭᠠᠬᠤ ᠠᠮᠤᠷ ᠲᠦᠪᠰᠢᠨ᠂ ᠪᠠᠭᠰᠢ ᠶᠢᠨ ᠡᠩᠨᠡᠭᠡ᠂ ᠵᠢᠭᠠᠨ ᠰᠤᠷᠭᠠᠯᠲᠠ ᠶᠢᠨ ᠠᠭᠤᠯᠭ᠎ᠠ ᠬᠢᠭᠡᠳ ᠰᠤᠶᠢᠤᠡᠭᠡᠯ | ᠬᠤᠷᠢᠶᠠᠬᠤ ᠲᠦᠷᠢᠮ ᠵᠡᠷᠭᠡ ᠲᠠᠯ᠎ᠠ ᠪᠠᠷ ᠨᠠᠷᠢᠨ ᠪᠠᠶᠢᠴᠠᠭᠠᠯᠲᠠ ᠬᠢᠵᠦ᠂ ᠲᠡᠳᠡᠨ ᠤ ᠬᠠᠮᠢᠶ᠎ᠠ ᠪᠥᠬᠦᠶ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠡᠭᠦᠨ ᠤ | ᠬᠠᠮᠲᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠳᠠᠯᠳᠠ ᠭᠡᠮ ᠳᠤ ᠴᠢᠭᠯᠡᠭᠦᠯᠦᠨ᠂ ᠪᠠᠶᠢᠴᠠᠭᠠᠭᠰᠠᠨ ᠦᠷ᠎ᠡ | ᠳ᠋ᠦᠩ ᠢ ᠦᠨᠳᠦᠰᠦᠯᠡᠨ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠠᠰᠠᠭᠤᠳᠠᠯ ᠣᠷᠣᠰᠢᠵᠤ ᠪᠠᠶᠢᠭ᠎ᠠ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ ᠦᠷᠭᠦᠯᠵᠢᠯᠡᠨ ᠮᠥᠷᠳᠡᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠴᠠᠭ | ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠶᠠᠰᠤ ᠴᠢᠨᠠᠷ ᠬᠢᠭᠡᠳ | ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠥᠷᠭᠡᠨ ᠣᠯᠠᠨ ᠬᠡᠷ ᠤᠨ ᠠᠬᠠᠮᠠᠳ ᠪᠠ | ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | |