ᠬᠠᠶᠢᠷᠤᠪ ᠤᠨ ᠲᠣᠬᠤᠢ ᠲᠣᠭᠤᠷᠢᠭ ︽ᠲᠠᠪᠤᠨ ᠪᠠᠭ᠎ᠠ︾ ᠶᠢᠨ ᠤᠷᠤᠯᠳᠤᠭᠠᠨ ᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/12/26
    12 ᠰᠠᠷ᠎ᠠ ᠶᠢᠨ 24 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ︽ᠪᠠᠭ᠎ᠠ ᠡᠭᠦᠳᠦᠯᠲᠡ᠂ ᠪᠠᠭ᠎ᠠ ᠪᠦᠲᠤᠭᠡᠯᠲᠡ᠂ ᠪᠠᠭ᠎ᠠ ᠰᠢᠨᠡᠴᠢᠯᠡᠯᠲᠡ᠂ ᠪᠠᠭ᠎ᠠ ᠵᠢᠷᠤᠭ ᠲᠥᠯᠥᠪᠯᠡᠭᠡ᠂ ᠵᠢᠵᠢᠭ ᠰᠠᠨᠠᠭᠤᠯᠭ᠎ᠠ︾ ︵︽ᠲᠠᠪᠤᠨ ᠪᠠᠭ᠎ᠠ︾ ᠭᠡᠵᠦ ᠳᠥᠭᠦᠮᠴᠢᠯᠡᠨ᠎ᠡ︶ ᠤᠨ ᠤᠷᠤᠯᠳᠤᠭᠠᠨ ᠢ ᠬᠥᠬᠢᠭᠦᠯᠦᠨ ᠰᠠᠶᠢᠰᠢᠶᠠᠬᠤ ᠵᠢᠴᠢ ᠰᠢᠯᠢᠳᠡᠭ ᠦᠷ᠎ᠡ ᠪᠦᠲᠦᠭᠡᠯ ᠢ ᠬᠤᠪᠢᠶᠠᠯᠴᠠᠨ ᠡᠳ᠋ᠯᠡᠬᠦ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤ᠋ ᠶᠠᠨ ᠵᠢᠴᠢ ᠬᠤᠯᠪᠣᠭᠳᠠᠯ ᠪᠦᠬᠦᠢ ᠰᠢᠨ᠎ᠡ ᠶᠢ ᠡᠭᠦᠳᠬᠦ ᠱᠠᠩᠨᠠᠯ ᠣᠯᠤᠭᠰᠠᠨ ᠨᠢᠭᠡᠴᠢ ᠪᠣᠯᠤᠨ ᠬᠤᠪᠢ ᠬᠥᠮᠦᠨ ᠲᠤᠰ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠶᠣᠰᠣᠯᠠᠯ ᠳᠤ ᠣᠷᠣᠯᠴᠠᠪᠠ᠃
640.jpg   
    ᠲᠣᠰ ᠬᠤᠭᠤᠴᠠᠭᠠᠨ ᠤ ︽ᠲᠠᠪᠤᠨ ᠪᠠᠭ᠎ᠠ︾ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠷᠤᠯᠳᠤᠭᠠᠨ 5 ᠰᠠᠷ᠎ᠠ ᠳᠤ ᠡᠬᠢᠯᠡᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠨᠡᠶᠢᠲᠡ 121 ᠰᠢᠯᠢᠳᠡᠭ ︽ᠲᠠᠪᠤᠨ ᠪᠠᠭ᠎ᠠ︾ ᠶᠢᠨ ᠤᠷᠤᠯᠳᠤᠭᠠᠨ ᠤ ᠲᠥᠷᠥᠯ ᠵᠦᠢᠯ ᠢᠳᠡᠪᠬᠢᠲᠡᠢ ᠣᠷᠣᠯᠴᠠᠵᠠᠶ᠃ ᠬᠤᠶᠠᠷ ᠡᠭᠡᠯᠵᠢ ᠶᠢᠨ ᠰᠢᠯᠭᠠᠷᠠᠭᠤᠯᠤᠯᠲᠠ ᠪᠠᠷ ᠳᠠᠮᠵᠢᠨ᠂ ᠡᠴᠦᠰ ᠲᠡᠭᠡᠨ 50 ᠰᠢᠯᠢᠳᠡᠭ ᠦᠷ᠎ᠡ ᠪᠦᠲᠦᠭᠡᠯ ᠵᠢᠴᠢ 3 ᠰᠢᠯᠢᠳᠡᠭ ᠨᠢᠭᠡᠴᠡ ᠶᠢᠨ ᠱᠠᠩᠨᠠᠯ ᠬᠦᠷᠲᠡᠪᠡ᠃
640 (1).jpg
640 (2).jpg
    ᠱᠠᠩᠨᠠᠯ ᠣᠯᠭᠤᠬᠤ ᠶᠣᠰᠣᠯᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠤᠯᠪᠣᠭᠳᠠᠯ ᠪᠦᠬᠦᠢ ᠤᠳᠤᠷᠢᠳᠤᠯᠭ᠎ᠠ 2024 ᠣᠨ ᠤ ︽ᠲᠠᠪᠤᠨ ᠪᠠᠭ᠎ᠠ︾ ᠶᠢᠨ ᠤᠷᠤᠯᠳᠤᠭᠠᠨ ᠤ ᠰᠢᠯᠢᠳᠡᠭ ᠦᠷ᠎ᠡ ᠪᠦᠲᠦᠭᠡᠯ ᠪᠣᠯᠤᠨ ᠰᠢᠯᠢᠳᠡᠭ ᠨᠢᠭᠡᠴᠢ ᠶᠢᠨ ᠱᠠᠩᠨᠠᠯ ᠣᠯᠤᠭᠰᠠᠨ ᠨᠢᠭᠡᠴᠡ ᠶᠢ ᠤᠩᠰᠢᠨ ᠨᠡᠶᠢᠲᠡᠯᠡᠭᠰᠡᠨ ᠪᠥᠭᠡᠳ ᠲᠤᠬᠠᠢ ᠶᠢᠨ ᠲᠠᠯᠠᠪᠠᠢ ᠳᠤ ᠱᠠᠩᠨᠠᠯ ᠬᠦᠷᠳᠡᠭᠰᠡᠳ ᠲᠤ ᠱᠠᠩᠨᠠᠯ ᠤᠨ ᠬᠤᠨᠳᠠᠭ᠎ᠠ ᠪᠣᠯᠤᠨ ᠱᠠᠩᠨᠠᠯ ᠤᠨ ᠮᠥᠩᠭᠦ ᠣᠯᠭᠤᠵᠠᠢ᠃ ᠡᠲᠡᠭᠡᠷ ᠱᠠᠩᠨᠠᠯ ᠭᠥᠷᠳᠡᠭᠰᠡᠨ ᠲᠥᠷᠥᠯ  ᠵᠤᠶᠢᠯ ᠨᠢ ᠣᠯᠠᠨ ᠬᠦᠷᠢᠶ᠎ᠡ ᠶᠢ ᠬᠠᠮᠤᠷᠴᠤ᠂ ᠦᠵᠦᠮ ᠤᠨ ᠠᠷᠢᠬᠢ ᠶᠢ ᠰᠠᠪᠠᠯᠠᠬᠤ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ᠂ ᠠᠵᠤ ᠤᠶᠢᠯᠡᠤᠡᠪᠤᠷᠢ ᠶᠢᠨ ᠤᠶᠢᠯᠡᠤᠡᠪᠤᠷᠢ ᠤᠶᠢᠯᠡᠤᠡᠬᠦ ᠵᠡᠷᠭᠡ ᠶᠢ ᠪᠠᠭᠲᠠᠭᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤᠮᠳᠠᠬᠢ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠬᠢᠭᠡᠳ ᠮᠡᠷᠭᠡᠵᠢᠯ ᠤᠨ ᠪᠣᠳᠠᠲᠤ ᠬᠦᠴᠦᠨ ᠢ ᠭᠦᠢᠴᠡᠤᠡ ᠢᠯᠡᠷᠡᠭᠦᠯᠪᠡ᠃
640 (4).jpg
640 (5).jpg
    ᠶᠣᠰᠣᠯᠠᠯ ᠤᠨ ᠳᠠᠷᠠᠭᠠᠬᠢ ᠦᠷ᠎ᠡ ᠪᠦᠲᠦᠭᠡᠯ ᠢ ᠬᠤᠪᠢᠶᠠᠯᠴᠠᠨ ᠡᠳ᠋ᠯᠡᠬᠦ ᠪᠠ ᠲᠥᠷᠥᠯ ᠵᠦᠢᠯ ᠢ ᠳᠡᠯᠭᠡᠨ ᠦᠵᠡᠭᠦᠯᠬᠦ ᠭᠤᠭᠴᠤᠭ᠎ᠠ ᠳᠤ᠂ ᠰᠢᠯᠢᠳᠡᠭ ᠦᠷ᠎ᠡ ᠪᠦᠲᠦᠭᠡᠯ ᠤᠨ 8 ᠲᠥᠯᠥᠭᠡᠯᠡᠭᠴᠢ ᠲᠣᠰ ᠲᠣᠰ ᠲᠠᠶᠢᠰᠠᠨ ᠳᠤ ᠭᠠᠷᠴᠤ ᠭᠤᠶᠢᠳᠠ ᠰᠠᠶᠢᠬᠠᠨ ᠬᠤᠪᠢᠶᠠᠯᠴᠠᠪᠠ᠃ ᠡᠳᠡᠭᠡᠷ ᠲᠥᠷᠥᠯ ᠵᠦᠢᠯ ᠨᠢ ᠡᠯ᠎ᠡ ᠨᠢᠭᠡᠴᠡ ᠶᠢᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠬᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠳᠣᠲᠣᠭᠠᠳᠤ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠵᠦ ᠪᠠᠶᠢᠨ᠎ᠠ᠃    ︽ᠲᠠᠪᠤᠨ ᠪᠠᠭ᠎ᠠ︾ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠶᠢᠷᠤᠪ ᠤᠨ ᠲᠣᠬᠤᠢ ᠲᠣᠭᠤᠷᠢᠭ ᠨᠢ ᠨᠠᠩ ᠣᠯᠠᠨ ᠰᠢᠯᠢᠳᠡᠭ ᠮᠡᠷᠭᠡᠵᠢᠯ ᠤᠨ ᠴᠢᠳᠠᠪᠤᠷᠢᠲᠠᠨ ᠪᠠ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠨᠡᠶᠢᠲᠡᠯᠢᠭ ᠵᠢᠱᠢᠶ᠎ᠡ ᠶᠢ ᠠᠭᠤᠳᠠᠯᠵᠤ᠂ ᠬᠥᠳᠡᠯᠮᠦᠷᠢ ᠶᠢᠨ ᠵᠢᠱᠢᠶᠡᠴᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ  ᠤᠶᠢᠯᠡᠳᠤᠯ ᠢ ᠰᠠᠶᠢᠲᠤᠷ ᠪᠠᠳᠠᠷᠠᠭᠤᠯᠵᠤ᠂ ᠠᠵᠢᠯᠲᠠᠨ ᠠᠵᠢᠯᠴᠢᠨ ᠤ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ ᠶᠢᠨ ᠬᠡᠯᠪᠡᠷᠢ᠂ ᠮᠡᠷᠭᠡᠵᠢᠯ ᠤᠨ ᠬᠡᠯᠪᠡᠷᠢ᠂ ᠰᠢᠨ᠎ᠡ ᠶᠢ ᠡᠭᠦᠳᠬᠦ ᠬᠡᠯᠪᠡᠷᠢ ᠶᠢᠨ ᠬᠥᠳᠡᠯᠮᠦᠷᠢᠴᠢᠳ ᠤᠨ ᠶᠡᠭᠡ ᠴᠡᠷᠢᠭ ᠢ ᠲᠦᠷᠭᠡᠳᠬᠡᠨ ᠪᠠᠶᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠶᠢᠨ ᠲᠥᠯᠥᠭᠡ ᠶᠤᠮ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号