ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 141 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/27
    ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 141 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠬᠠᠷᠢᠶ᠎ᠠ ᠡᠯ᠎ᠡ ᠨᠠᠮ ︵ᠠᠵᠤ ᠦᠢᠯᠡᠳᠪᠦᠷᠢ︶ ᠤᠨ ᠬᠤᠷᠢᠶᠠᠨ ᠤ ᠱᠦᠵᠢ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠶᠢᠨ ᠦᠨᠡᠯᠡᠯᠲᠡ ᠬᠢᠵᠡᠢ᠃    ᠭᠦᠸᠧ ᠢ ᠵᠢᠶᠧ ᠬᠡᠯᠡᠬᠦ ᠳᠡᠭᠡᠨ᠂ ᠡᠯ᠎ᠡ ᠵᠡᠭᠡᠯᠢ ᠭᠤᠳᠤᠮᠵᠢ ᠶᠢᠨ ᠬᠢᠨ ᠣᠶᠤᠨ ᠤᠬᠠᠭᠠᠨ ᠪᠠ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠬᠡᠷ ᠲᠡᠭᠡᠨ ᠰᠠᠭᠤᠵᠤ ᠪᠠᠶᠢᠭ᠎ᠠ ᠠᠰᠠᠭᠤᠳᠠᠯ ᠢ ᠭᠤᠤᠯᠳᠠᠯᠭ᠎ᠠ ᠲᠠᠢ ᠬᠠᠯᠠᠮᠵᠢᠯᠠᠨ ᠠᠩᠬᠠᠷᠴᠤ᠂ ᠨᠠᠩ ᠬᠠᠯᠠᠭᠤᠨ ᠳᠤᠯᠠᠭᠠᠨ ᠨᠠᠰᠤᠵᠢᠯ ᠤᠨ ᠠᠰᠠᠷᠠᠮᠵᠢ ᠶᠢ ᠨᠠᠰᠤᠲᠠᠶᠢᠴᠤᠳ ᠲᠤ ᠦᠢᠯᠡᠴᠢᠯᠡᠬᠦ ᠶᠢ ᠰᠦᠪᠡᠭᠴᠢᠯᠡᠨ ᠬᠡᠷᠡᠭᠵᠢᠭᠦᠯᠵᠦ᠂ ᠨᠠᠩ ᠣᠯᠠᠨ ᠨᠠᠰᠤᠲᠠᠶᠢᠴᠤᠳ ᠢ ︽ᠨᠠᠰᠤᠵᠢᠯ ᠤᠨ ᠠᠰᠠᠷᠠᠮᠵᠢ︾ ᠪᠠᠶᠢᠭᠰᠠᠨ ᠠᠴᠠ ︽ᠨᠠᠰᠤᠲᠠᠨ ᠢᠶᠠᠨ ᠡᠳ᠋ᠯᠡᠬᠦ︾ ᠪᠣᠯᠭᠠᠨ ᠳᠡᠪᠰᠢᠭᠦᠯᠬᠦ ᠬᠡᠷᠡᠭᠲᠡᠶ︔ ᠵᠡᠭᠡᠯᠢ ᠭᠤᠳᠤᠮᠵᠢ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠤᠨ ᠬᠠᠷᠢᠭᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠣᠭᠤᠷᠢᠭ ᠲᠤ ᠰᠠᠭᠤᠭ᠎ᠠ ᠨᠢᠭᠡᠴᠡ᠂ ᠵᠡᠭᠡᠯᠢ ᠭᠤᠳᠤᠮᠵᠢ ᠳᠤ ᠰᠠᠭᠤᠭ᠎ᠠ ᠨᠢᠭᠡᠴᠡ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ︔ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠳᠤᠮᠳᠠ ᠠᠮᠵᠢᠯᠲᠠ ᠪᠦᠲᠦᠮᠵᠢ ᠪᠠᠨ ᠳᠡᠯᠭᠡᠨ᠂ ᠬᠦᠷᠦᠯᠴᠡᠬᠦ ᠦᠭᠡᠢ ᠲᠠᠯ᠎ᠠ ᠪᠠᠨ ᠵᠢᠭᠠᠵᠤ ᠭᠠᠷᠭᠠᠬᠤ ᠶᠢᠨ ᠬᠠᠮᠲᠤ ᠬᠠᠷᠢᠯᠴᠠᠨ ᠰᠤᠷᠤᠯᠴᠠᠨ ᠯᠠᠪᠯᠠᠯᠲᠠ ᠪᠣᠯᠭᠠᠵᠤ᠂ ᠲᠤᠰᠢᠶᠠᠯ ᠤᠨ ᠮᠡᠳᠡᠭᠦᠯᠦᠯᠲᠡ ᠬᠢᠬᠦ ᠪᠠᠷ ᠳᠠᠮᠵᠢᠭᠤᠯᠤᠨ ᠰᠡᠩᠬᠡᠷᠡᠭᠦᠯᠦᠯ ᠣᠯᠵᠤ᠂ ᠠᠵᠢᠯ ᠤᠨ ᠦᠢᠯᠡᠳᠦᠯᠭᠡ ᠳᠤᠮᠳᠠ ᠭᠦᠢᠴᠡᠳ ᠬᠡᠷᠡᠭᠯᠡᠬᠦ ᠬᠡᠷᠡᠭᠲᠡᠢ᠃ ᠡᠯ᠎ᠡ ᠵᠡᠭᠡᠯᠢ ᠭᠤᠳᠤᠮᠵᠢ ᠶᠢᠨ ︽ᠵᠢᠵᠢᠭ ᠨᠡᠶᠢᠭᠡᠮ ᠲᠣᠭᠤᠷᠢᠭ᠂ ᠶᠡᠭᠡ ᠵᠠᠰᠠᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠦᠭᠰᠡᠨ ᠰᠠᠭᠤᠷᠢᠨ ᠳᠡᠭᠡᠷ᠎ᠡ ᠪᠢᠴᠢᠯ ᠲᠣᠣᠷᠵᠢᠯ ᠤᠨ ᠬᠡᠯᠪᠡᠷᠢ ᠶᠢ ᠬᠠᠶᠢᠨ ᠰᠦᠪᠡᠭᠴᠢᠯᠡᠵᠦ᠂ ᠰᠢᠯᠢᠳᠡᠭ ᠠᠰᠠᠷ ᠤᠨ ᠳᠠᠷᠤᠭ᠎ᠠ᠂ ᠨᠢᠭᠡᠴᠢ ᠶᠢᠨ ᠳᠠᠷᠤᠭ᠎ᠠ ᠶᠢ ᠰᠣᠩᠭᠤᠵᠤ᠂ ᠲᠡᠭᠦᠰᠬᠡᠯ ᠤᠨ ᠪᠢᠴᠢᠯ ᠣᠷᠴᠢᠯ ᠳᠤ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ᠂ ᠬᠠᠷᠢᠯᠴᠠᠨ ᠰᠢᠭᠢᠳᠬᠡᠭᠰᠡᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠦᠢᠯᠡᠴᠢᠯᠡᠭᠡ ᠪᠠ ᠵᠠᠰᠠᠯᠲᠠ ᠶᠢ ᠬᠠᠮᠤᠭ ᠤᠨ ᠦᠨᠳᠦᠰᠦᠨ ᠱᠠᠲᠤᠨ ᠳᠤ ᠬᠦᠷᠲᠡᠯ᠎ᠡ ᠦᠨᠡᠨ ᠬᠦ ᠥᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠬᠠᠮᠢᠶ᠎ᠠ ᠪᠦᠬᠦᠢ ᠬᠠᠷᠢᠭᠤᠴᠠᠯᠭᠠᠲᠠᠨ ᠲᠦᠷᠦᠭᠦᠯᠡᠨ ᠵᠡᠭᠡᠯᠢ ᠭᠤᠳᠤᠮᠵᠢ ᠳᠤ ᠱᠦᠭᠯᠦ ᠦᠯᠢᠶᠡᠭᠰᠡᠨ᠂ ᠰᠠᠯᠠᠭ᠎ᠠ ᠮᠥᠴᠢᠷ ᠨᠡᠷ᠎ᠡ ᠮᠡᠳᠡᠭᠦᠯᠦᠭᠰᠡᠨ ᠲᠡᠮᠳᠡᠭᠯᠡᠯ ᠤᠨ ᠲᠣᠭᠲᠠᠴᠠ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠵᠡᠭᠡᠯᠢ ᠭᠤᠳᠤᠮᠵᠢ ᠶᠢᠨ ᠰᠢᠢᠳᠪᠦᠷᠢᠯᠡᠭᠰᠡᠨ ᠠᠰᠠᠭᠤᠳᠠᠯ ᠢ ᠲᠡᠮᠳᠡᠭᠯᠡᠨ ᠳᠠᠩᠰᠠᠯᠠᠵᠤ᠂ ᠠᠰᠠᠭᠤᠳᠠᠯ ᠢ ᠢᠮᠠᠭᠲᠠ ᠰᠢᠢᠳᠪᠦᠷᠢᠯᠡᠬᠦ ᠦᠭᠡᠢ᠂ ᠬᠠᠰᠢ ᠶᠠᠰᠢ ᠪᠠᠷ ᠲᠦᠯᠬᠢᠯᠴᠡᠬᠦ ᠵᠡᠷᠭᠡ ᠦᠵᠡᠭᠳᠡᠯ ᠣᠷᠣᠰᠢᠵᠤ ᠪᠠᠶᠢᠪᠠᠯ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠲᠣᠭᠲᠠᠴᠠ ᠶᠢᠨ ᠪᠦᠲᠦᠮᠵᠢᠲᠡᠢ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号