ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/3
    11 ᠰᠠᠷ᠎ᠠ ᠶᠢᠨ 25᠎ ᠤ ᠡᠳᠦᠷ᠂ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 11 ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠨᠠᠮ ᠤᠨ ᠠᠵᠢᠯ ᠤᠨ ᠬᠤᠷᠢᠶᠠᠨ ᠤ ᠱᠦᠵᠢ ᠯᠢᠦ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃
41242.png   
    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ︾᠎ ᠢ ᠲᠤᠭᠤᠰᠢᠯᠠᠭᠤᠯᠬᠤ ᠬᠡᠷᠡᠭᠵᠢᠭᠦᠯᠬᠦ ᠨᠠᠷᠢᠨ ᠲᠦᠷᠢᠮ ᠵᠡᠷᠭᠡ ᠶᠢ ᠤᠯᠠᠮᠵᠢᠯᠠᠨ ᠰᠤᠷᠤᠯᠴᠠᠭᠰᠠᠨ ᠪᠥᠭᠡᠳ ︽ᠶᠡᠷᠦᠩᠬᠡᠶ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠲᠣᠭᠲᠠᠭᠠᠯ ᠤᠳ︾ ᠵᠢᠴᠢ ᠶᠡᠷᠦᠩᠬᠡᠶ ᠱᠦᠵᠢ ᠶᠢᠨ ᠦᠨᠳᠦᠰᠦᠨ ᠱᠠᠲᠤᠨ ᠤ ᠠᠵᠢᠯ ᠪᠤᠶᠤ ᠦᠨᠳᠦᠰᠦᠨ ᠱᠠᠲᠤᠨ ᠤ ᠡᠨᠡ ᠬᠦ ᠠᠵᠢᠯ ᠲᠥᠷᠥᠯ ᠤᠨ ᠲᠤᠬᠠᠶ ᠭᠠᠷᠭᠠᠭᠰᠠᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠭᠤᠤᠯ ᠰᠡᠳᠦᠪᠲᠦ ᠰᠣᠯᠢᠯᠴᠠᠭ᠎ᠠ ᠥᠷᠨᠢᠭᠦᠯᠪᠡ᠃
41243.png   
    ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠠᠵᠢᠯ ᠤᠨ ᠳᠤᠮᠳᠠᠬᠢ ᠴᠢᠬᠤᠯᠠ ᠪᠦᠷᠢᠯᠳᠦᠬᠦᠨ ᠬᠡᠰᠡᠭ ᠮᠥᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠳᠤ ᠡᠩ ᠲᠡᠷᠢᠭᠦᠨ ᠳᠤ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠲᠤᠰ ᠪᠡᠶ᠎ᠡ ᠶᠢᠨ ᠦᠵᠡᠯ ᠰᠠᠨᠠᠭᠠᠨ ᠤ ᠬᠥᠮᠦᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠲᠠᠰᠤᠭ᠂ ᠡᠯ᠎ᠡ ᠨᠡᠶᠢᠭᠡᠮ ᠲᠣᠭᠤᠷᠢᠭ ᠤᠨ ᠬᠢᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠴᠢᠬᠤᠯᠠ ᠶᠡᠭᠡ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠡᠷᠬᠡᠪᠰᠢ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠵᠢᠭᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠠᠵᠢᠯ ᠪᠤᠶᠤ ᠦᠨᠳᠦᠰᠦᠨ ᠱᠠᠲᠤᠨ ᠤ ᠡᠨᠡ ᠬᠦ ᠠᠵᠢᠯ ᠲᠦᠷᠦᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠴᠢᠬᠤᠯᠠ ᠴᠢᠨᠠᠷ᠂ ᠲᠤᠯᠭᠠᠮ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠳᠠᠷᠤᠭᠠᠰᠤ ᠶᠢ ᠬᠥᠩᠭᠡᠯᠡᠬᠦ ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ︾᠎ ᠶᠢ ᠦᠨᠳᠦᠰᠦᠨ ᠱᠠᠲᠤᠨ ᠤ ᠵᠠᠰᠠᠯᠲᠠ ᠶᠢᠨ ︽ᠬᠠᠮᠤᠭ ᠤᠨ ᠢᠯᠠ ᠥᠩᠭᠡ︾ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号