12 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠵᠡᠭᠦᠦ ᠲᠥᠭᠡᠨᠡᠯᠭᠡ ᠶᠢᠨ ᠨᠡᠶᠢᠭᠡᠮᠯᠢᠭ ᠤᠨ | ᠦᠬᠠᠢ ᠶᠢᠨ ᠲᠤᠰᠬᠠᠢ ᠮᠡᠷᠭᠡᠵᠢᠯᠲᠡᠨ ᠤ ᠠᠵᠢᠯᠯᠠᠬᠤ ᠦᠷᠳᠡᠭᠡ ᠵᠢᠴᠢ ᠵᠡᠭᠦᠤ ᠶᠢᠨ ᠲᠣᠯᠢ᠂ ᠤᠰᠤᠨ ᠰᠢᠷᠪᠥᠰᠥᠨ ᠤ | ᠵᠡᠭᠦᠦ ᠶᠢᠨ ᠮᠡᠷᠭᠡᠵᠢᠯ ᠤᠨ ᠬᠤᠯᠪᠣᠭᠠᠨ ᠤ ᠬᠤᠪᠢᠶᠠᠷᠢ ᠲᠥᠪ ᠬᠠᠶᠢᠷᠤᠪ ᠤᠨ ᠲᠤᠬᠤᠢ ᠲᠣᠭᠤᠷᠢᠭ ᠤᠨ ᠬᠢᠲᠠᠳ | ᠡᠮᠨᠡᠯᠭᠡ ᠶᠢᠨ ᠬᠤᠷᠢᠶᠠᠨ ᠳᠤ ᠫᠠᠶᠢᠰᠠ ᠡᠯᠭᠦᠨ ᠪᠠᠶᠢᠭᠤᠯᠤᠭᠳᠠᠪᠠ᠃ ᠳᠤᠮᠳᠠᠳᠤ ᠤᠯᠤᠰ ᠤᠨ ᠵᠡᠭᠦᠦ ᠲᠥᠭᠡᠨᠡᠯᠭᠡ ᠶᠢᠨ | ᠨᠡᠶᠢᠭᠡᠮᠯᠢᠭ ᠤᠨ ᠳᠠᠷᠤᠭ᠎ᠠ ᠵᠡᠷᠭᠡ ᠲᠤᠰᠬᠠᠢ ᠮᠡᠷᠭᠡᠵᠢᠯᠲᠡᠨ ᠵᠢᠴᠢ ᠬᠠᠶᠢᠷᠤᠪ ᠤᠨ ᠲᠤᠬᠤᠢ ᠲᠣᠭᠤᠷᠢᠭ ᠤᠨ | ᠬᠤᠯᠪᠣᠭᠳᠠᠯ ᠪᠦᠬᠦᠢ ᠤᠳᠤᠷᠢᠳᠤᠯᠭ᠎ᠠ᠂ ᠲᠤᠰᠬᠠᠢ ᠮᠡᠷᠭᠡᠵᠢᠯ ᠤᠨ ᠠᠵᠢᠯᠲᠠᠳ ᠶᠣᠰᠣᠯᠠᠯ ᠳᠤ ᠣᠷᠣᠯᠴᠠᠪᠠ᠃ | | | | ᠳᠤᠮᠳᠠᠳᠤ ᠤᠯᠤᠰ ᠤᠨ ᠵᠡᠭᠦᠦ ᠲᠥᠭᠡᠨᠡᠯᠭᠡ ᠶᠢᠨ ᠨᠡᠶᠢᠭᠡᠮᠯᠢᠭ ᠤᠨ ᠦᠬᠠᠢ ᠶᠢᠨ ᠲᠤᠰᠬᠠᠢ ᠮᠡᠷᠭᠡᠵᠢᠯᠲᠡᠨ ᠤ | ᠠᠵᠢᠯᠯᠠᠬᠤ ᠦᠷᠳᠡᠭᠡ ᠵᠢᠴᠢ ᠵᠡᠭᠦᠤ ᠶᠢᠨ ᠲᠤᠯᠢ᠂ ᠤᠰᠤᠨ ᠰᠢᠷᠪᠥᠰᠥᠨ ᠤ ᠮᠡᠷᠭᠡᠵᠢᠯ ᠤᠨ ᠬᠤᠯᠪᠣᠭᠠᠨ ᠤ | ᠬᠤᠪᠢᠶᠠᠷᠢ ᠲᠥᠪ ᠪᠠᠶᠢᠭᠤᠯᠤᠭᠳᠠᠭᠰᠠᠨ ᠢᠶᠠᠷ ᠳᠠᠮᠵᠢᠭᠤᠯᠵᠤ᠂ ᠬᠤᠶᠠᠷ ᠲᠠᠯ᠎ᠠ ᠪᠠᠷ ᠢᠶᠠᠨ ᠡᠷᠳᠡᠮ ᠰᠢᠨᠵᠢᠯᠡᠭᠡᠨ ᠤ | ᠰᠣᠯᠢᠯᠴᠠᠭ᠎ᠠ᠂ ᠮᠡᠷᠭᠡᠵᠢᠯ ᠤᠨ ᠰᠢᠪᠲᠤᠯᠤᠯᠲᠠ᠂ ᠲᠦᠷᠦᠯ ᠵᠦᠢᠯ ᠤᠨ ᠬᠠᠮᠵᠢᠯᠴᠠᠭ᠎ᠠ᠂ ᠴᠢᠳᠠᠪᠤᠷᠢᠲᠠᠨ ᠢ | ᠬᠥᠮᠦᠵᠢᠭᠦᠯᠬᠦ ᠵᠢᠴᠢ ᠦᠨᠳᠦᠰᠦᠨ ᠱᠠᠲᠤᠨ ᠤ ᠬᠢᠲᠠᠳ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠬᠦ | ᠵᠡᠷᠭᠡ ᠤᠯᠠᠨ ᠲᠠᠯ᠎ᠠ ᠠᠴᠠ ᠬᠠᠮᠲᠤᠷᠠᠯᠴᠠᠭᠠᠨ ᠤ ᠬᠠᠷᠢᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠢᠶ᠎ᠠ | ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠪᠦᠲᠦᠮᠵᠢᠲᠡᠢ ᠬᠤᠪᠢᠷᠠᠭᠤᠯᠤᠯᠲᠠ ᠶᠢ | ᠬᠠᠮᠲᠤᠪᠠᠷ ᠠᠬᠢᠭᠤᠯᠬᠤ ᠪᠣᠯᠤᠨ᠎ᠠ᠃ ᠲᠣᠰ ᠠᠷᠭ᠎ᠠ ᠬᠡᠮᠵᠢᠶ᠎ᠡ ᠨᠢ ᠬᠢᠲᠠᠳ ᠡᠮ ᠡᠮᠨᠡᠯᠭᠡ ᠶᠢᠨ ᠤᠯᠠᠮᠵᠢᠯᠠᠯᠲᠤ | ᠰᠣᠶᠣᠯ ᠢ ᠨᠠᠩ ᠥᠷᠭᠡᠨ ᠳᠡᠯᠭᠡᠷ ᠤᠯᠠᠮᠵᠢᠯᠠᠬᠤ ᠶᠢᠨ ᠬᠠᠮᠲᠤ ᠦᠬᠠᠶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠤᠨ ᠥᠷᠨᠢᠩᠭᠦᠶ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠵᠦ᠂ ᠲᠡᠭᠦᠨ ᠤ | ᠰᠢᠨ᠎ᠡ ᠦᠨᠳᠦᠷᠴᠡ ᠲᠡᠰᠢ ᠤᠷᠤᠭᠰᠢᠯᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ |