ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/30
    12 ᠰᠠᠷ᠎ᠠ ᠶᠢᠨ 26᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠧᠩ ᠮᠢᠩ ᠯᠢᠨ ᠬᠤᠷᠠᠯ ᠢ ᠡᠷᠬᠢᠯᠡᠪᠡ᠃    ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠪᠠ︔ ︽ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠶ ᠮᠡᠳᠡᠭᠦᠯᠦᠯᠲᠡ︾ ︽ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ︽ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠢ ᠳᠣᠭᠢᠷᠠᠭᠤᠯᠬᠤ ᠲᠥᠰᠦᠯ ᠤᠨ ᠲᠤᠬᠠᠶ ᠮᠡᠳᠡᠭᠦᠯᠦᠯᠲᠡ︾ ︽ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ︵ᠲᠥᠰᠦᠯ︶᠎ ᠤᠨ ᠲᠤᠬᠠᠶ ᠮᠡᠳᠡᠭᠦᠯᠦᠯᠲᠡ︾᠎ ᠶᠢ ᠰᠣᠨᠣᠰᠴᠤ ᠬᠢᠨᠠᠨ ᠵᠥᠪᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠡᠨᠡ ᠵᠢᠯ ᠤᠨ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠶᠠᠭᠠᠬᠢᠵᠤ ᠦᠵᠡᠬᠦ ᠶᠢ ᠲᠣᠳᠣᠷᠬᠠᠶᠢᠯᠠᠨ ᠥᠭᠦᠯᠡᠭᠰᠡᠨ ᠮᠥᠷᠲᠡᠭᠡᠨ ᠶᠠᠭᠠᠬᠢᠵᠤ ᠬᠢᠬᠦ ᠶᠢ ᠵᠢᠯᠣᠭᠤᠳᠬᠤ ᠬᠡᠷᠡᠭᠲᠡᠢ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ︔ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ  ᠭᠡᠵᠤ ᠴᠢᠬᠤᠯᠠᠴᠢᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号