12 ᠰᠠᠷ᠎ᠠ ᠶᠢᠨ 28 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠶᠢᠰᠦᠳᠦᠭᠡᠷ ᠬᠤᠭᠤᠴᠠᠭᠠᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠭᠤᠤ ᠳ᠋ᠧᠩ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ | ᠪᠥᠬᠦᠳᠡ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠪᠠ︔ ᠤᠯᠤᠰ ᠲᠦᠷᠦ ᠶᠢᠨ ᠵᠥᠪᠯᠡᠯᠭᠡᠨ ᠤ | ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠦᠯ︶᠂ ᠤᠯᠤᠰ | ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ︵ᠲᠥᠰᠦᠯ︶ ᠵᠢᠴᠢ ᠤᠯᠤᠰ | ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ︵ᠲᠥᠰᠦᠯ︶ ᠵᠡᠷᠭᠡ 15 ᠵᠦᠢᠯ ᠤᠨ ᠠᠭᠤᠯᠭ᠎ᠠ ᠶᠢ ᠬᠢᠨᠠᠨ ᠵᠥᠪᠯᠡᠵᠦ ᠪᠠᠲᠤᠯᠠᠪᠠ︔ | ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠪᠢᠴᠢᠭ ᠤᠨ ᠮᠡᠳᠡᠭᠦᠯᠦᠯᠲᠡ ᠬᠢᠪᠡ᠃ | ᠬᠤᠷᠠᠯ ᠠᠴᠠ᠂ ᠡᠯ᠎ᠡ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠲᠥᠪ ᠬᠤᠷᠢᠶᠠᠨ ᠤ | 2025 ᠣᠨ ᠤ ᠠᠵᠤ ᠠᠬᠤᠢ ᠶᠢᠨ ᠠᠵᠢᠯ ᠤᠨ ᠲᠤᠬᠠᠢ ᠠᠩᠬᠠᠷᠤᠯ ᠲᠠᠯᠪᠢᠵᠤ ᠪᠠᠶᠢᠭ᠎ᠠ ᠭᠤᠣᠯᠳᠠᠯᠭ᠎ᠠ ᠶᠢ ᠭᠦᠨᠵᠡᠭᠡᠢ | ᠰᠤᠷᠤᠯᠴᠠᠵᠤ᠂ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠭ᠎ᠠ ᠤᠬᠠᠭᠠᠨ ᠭᠠᠷᠭᠠᠬᠤ ᠬᠡᠷᠡᠭᠲᠡᠢ︔ ᠭᠤᠣᠯᠳᠠᠯᠭ᠎ᠠ ᠶᠢᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠤᠨᠢᠨ | ᠳᠡᠭᠡᠷ᠎ᠡ ᠨᠢ ᠰᠠᠨᠠᠯ ᠵᠥᠪᠯᠡᠯᠭᠡ ᠳᠤᠷᠠᠳᠴᠤ᠂ ᠠᠵᠤ ᠠᠬᠤᠢ᠂ ᠠᠷᠠᠳ ᠤᠨ ᠠᠮᠢᠳᠤᠷᠠᠯ᠂ ᠰᠣᠶᠣᠯ ᠵᠡᠷᠭᠡ | ᠬᠦᠷᠢᠶᠡᠨ ᠳᠤ ᠭᠡᠷᠡᠯ ᠭᠢᠯᠪᠠᠭ᠎ᠠ ᠪᠠᠨ ᠬᠥᠭᠵᠢᠭᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠳᠤ | ᠤᠯᠤᠰ ᠲᠦᠷᠦ ᠶᠢᠨ ᠵᠥᠪᠯᠡᠯᠭᠡᠨ ᠤ ᠬᠦᠴᠦᠨ ᠢ ᠨᠡᠮᠡᠷᠢᠯᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠤ | ᠴᠢᠬᠤᠯᠠᠴᠢᠯᠠᠪᠠ᠃ | |