ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/12/30
    12 ᠰᠠᠷ᠎ᠠ ᠶᠢᠨ 28᠎ ᠤ ᠡᠳᠦᠷ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ 30 ᠭᠠᠷᠤᠶ ᠬᠥᠮᠦᠨ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠠᠵᠢᠯ ᠢ ᠰᠢᠨᠵᠢᠯᠡᠨ ᠪᠠᠶᠢᠴᠠᠭᠠᠭᠰᠠᠨ ᠨᠢ ᠨᠡᠶᠢᠲᠡᠯᠢᠭ ᠲᠤᠷᠰᠢᠯᠭ᠎ᠠ ᠬᠤᠷᠠᠮᠳᠤᠭᠤᠯᠵᠤ᠂ ᠤᠯᠠᠭᠠᠨᠬᠠᠳᠠ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠠᠩ ᠥᠨᠳᠥᠷ ᠲᠦᠪᠰᠢᠨ ᠪᠥᠬᠦᠶ ᠴᠢᠨᠠᠷ ᠰᠠᠶᠢᠲᠠᠶ ᠲᠡᠩᠴᠡᠭᠦᠷᠢᠲᠡᠶ ᠪᠣᠯᠬᠤ ᠶᠢ ᠠᠬᠢᠭᠤᠯᠬᠤ ᠶᠢᠨ ᠲᠥᠯᠥᠭᠡ ᠶᠤᠮ᠃
640.jpg   
    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠠᠶᠢᠷᠤᠪ ᠤᠨ ᠲᠤᠬᠤᠢ ᠲᠣᠭᠤᠷᠢᠭ ᠤᠨ ᠪᠢᠨ ᠾᠧ ᠪᠠᠭ᠎ᠠ ᠰᠤᠷᠭᠠᠭᠤᠯᠢ ᠶᠢᠨ ᠪᠦᠯᠬᠦᠮᠳᠡᠯ ᠰᠤᠷᠭᠠᠭᠤᠯᠢ ᠶᠢᠨ ᠲᠣᠭᠤᠷᠢᠭ ᠲᠤ ᠬᠦᠷᠴᠦ᠂ ᠲᠤᠬᠠᠢ ᠶᠢᠨ ᠲᠠᠯᠠᠪᠠᠢ ᠳᠤ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ ᠴᠢᠳᠠᠪᠬᠢ ᠶᠢᠨ ᠲᠠᠰᠤᠭ ᠤᠨ ᠪᠦᠳᠦᠭᠡᠨ ᠪᠠᠶᠢᠭᠤᠯᠤᠯᠲᠠ᠂ ᠬᠤᠭᠤᠯᠠᠨ ᠭᠡᠷ ᠤᠨ ᠡᠵᠡᠩᠨᠡᠯᠲᠡ ᠬᠠᠮᠢᠶᠠᠷᠤᠯᠲᠠ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠠᠭᠤᠯᠭ᠎ᠠ ᠶᠢ ᠲᠣᠭᠤᠷᠢᠨ ᠦᠵᠡᠪᠡ᠃ ᠪᠢᠨ ᠾᠧ ᠪᠠᠭ᠎ᠠ ᠰᠤᠷᠭᠠᠭᠤᠯᠢ ᠶᠢᠨ ᠪᠦᠯᠬᠦᠮᠳᠡᠯ ᠰᠤᠷᠭᠠᠭᠤᠯᠢ ᠶᠢᠨ ᠲᠣᠭᠤᠷᠢᠭ ᠤᠨ ︽ᠦᠵᠤᠮ ᠤᠨ ᠲᠦᠷᠦᠯ ᠵᠦᠢᠯ ᠤᠨ ᠰᠤᠷᠤᠯᠴᠠᠯᠭ᠎ᠠ︾᠎ ᠨᠢ ᠰᠤᠷᠪᠤᠯᠵᠢᠯᠠᠬᠤ ᠪᠠᠷ ᠢᠷᠡᠭᠰᠡᠳ ᠲᠤ ᠭᠦᠨ ᠰᠠᠭᠤᠭᠳᠠᠯ ᠦᠯᠡᠳᠡᠭᠡᠵᠡᠢ᠃ ᠰᠤᠷᠭᠠᠭᠤᠯᠢ ᠨᠢ ᠭᠠᠵᠠᠷ ᠣᠷᠣᠨ ᠤ ᠦᠵᠦᠮ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠦᠵᠦᠮ ᠢ ᠮᠡᠳᠡᠬᠦ᠂ ᠦᠵᠦᠮ ᠢ ᠮᠠᠭᠲᠠᠨ ᠪᠢᠴᠢᠬᠦ᠂  ᠦᠵᠦᠮ ᠢ ᠵᠢᠷᠤᠬᠤ᠂ ᠦᠵᠦᠮ ᠲᠠᠷᠢᠬᠤ ᠵᠡᠷᠭᠡ ᠰᠤᠷᠭᠠᠭᠤᠯᠢ ᠶᠢᠨ ᠲᠣᠰ ᠬᠢᠴᠢᠶᠡᠯ ᠤᠨ ᠣᠯᠠᠨ ᠰᠢᠨᠵᠢᠯᠡᠭᠡᠨ ᠤ ᠰᠠᠯᠠᠭ᠎ᠠ ᠶᠢ ᠠᠭᠤᠰᠤᠯᠴᠠᠭᠤᠯᠬᠤ ᠪᠠᠷ ᠳᠠᠮᠵᠢᠭᠤᠯᠤᠨ᠂ ᠲᠥᠷᠥᠯ ᠵᠦᠢᠯ ᠤᠨ ᠬᠡᠯᠪᠡᠷᠢ ᠪᠠᠷ ᠰᠤᠷᠤᠯᠴᠠᠬᠤ ᠶᠡᠷᠦᠩᠬᠡᠶᠢᠯᠡᠨ ᠬᠥᠮᠦᠨ ᠬᠥᠮᠦᠵᠢᠭᠦᠯᠬᠦ ᠦᠨ᠎ᠡ ᠥᠷᠲᠡᠭ ᠢ ᠪᠠᠳᠠᠷᠠᠭᠤᠯᠵᠤ᠂ ᠶᠡᠷᠦᠩᠬᠡᠶᠢᠯᠡᠭᠰᠡᠨ᠂ ᠨᠡᠭᠡᠭᠡᠯᠲᠡ ᠲᠠᠢ᠂ ᠪᠡᠶ᠎ᠡ ᠪᠠᠨ ᠳᠠᠭᠠᠭᠠᠭᠰᠠᠨ ᠰᠢᠨᠵᠢᠯᠡᠭᠡᠨ ᠤ ᠦᠢᠯᠡᠳᠦᠯᠭᠡ ᠶᠢᠨ ᠠᠵᠢᠯᠯᠠᠭ᠎ᠠ ᠪᠠᠷ ᠰᠤᠷᠤᠭᠴᠢᠳ ᠤᠨ ᠬᠢᠴᠢᠶᠡᠯ ᠲᠥᠷᠥᠯ ᠤᠨ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠥᠮᠦᠵᠢᠭᠦᠯᠦᠨ᠎ᠡ᠃ ᠡᠯᠪᠡᠭ ᠪᠠᠶᠠᠯᠢᠭ ᠤᠳᠬ᠎ᠠ ᠠᠭᠤᠯᠭ᠎ᠠ ᠲᠠᠢ ᠰᠤᠷᠭᠠᠭᠤᠯᠢ ᠶᠢᠨ ᠳᠡᠪᠲᠡᠷ ᠬᠢᠴᠢᠶᠡᠯ ᠪᠣᠯᠤᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠨᠢ ᠬᠡᠪ ᠴᠢᠨᠠᠷ ᠤᠨ ᠰᠤᠷᠭᠠᠨ ᠬᠥᠮᠦᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠠᠶᠢᠷᠤᠪ ᠤᠨ ᠲᠤᠬᠤᠢ ᠲᠣᠭᠤᠷᠢᠭ ᠤᠨ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢ ᠬᠦᠴᠦᠲᠡᠢ ᠠᠷᠭ᠎ᠠ ᠬᠡᠮᠵᠢᠶ᠎ᠡ ᠶᠢ ᠲᠤᠪᠤᠶᠢᠯᠭᠠᠪᠠ᠃
640 (1).jpg
640 (2).jpg
    ᠶᠠᠷᠢᠯᠴᠠᠬᠤ ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠬᠢ ᠪᠠᠶᠠᠯᠢᠭ ᠤᠨ ᠲᠣᠬᠢᠷᠠᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠬᠤᠲᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠪᠠ ᠠᠮᠵᠢᠯᠲᠠ ᠲᠠᠢ ᠲᠤᠷᠰᠢᠯᠭ᠎ᠠ ᠪᠠᠨ ᠨᠠᠷᠢᠨ ᠲᠠᠨᠢᠯᠴᠠᠭᠤᠯᠪᠠ᠂ ᠵᠢᠱᠢᠶᠡᠯᠡᠪᠡᠯ ᠬᠤᠲᠠ ᠬᠥᠳᠡᠭᠡ ᠶᠢᠨ ᠰᠤᠷᠭᠠᠭᠤᠯᠢ ᠶᠢ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ ᠶᠢ ᠬᠡᠷᠡᠭᠵᠢᠭᠦᠯᠵᠦ᠂ ᠪᠠᠭᠰᠢ ᠶᠢᠨ ᠬᠤᠤᠰ ᠴᠢᠭᠯᠡᠯ ᠢᠶᠠᠷ ᠰᠢᠯᠵᠢᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠪᠡ᠃ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠪᠦᠷᠢᠯᠳᠦᠬᠦᠨ ᠨᠡᠷ ᠨᠠᠷᠢᠨ ᠬᠢᠨᠠᠮᠠᠭᠠᠶ ᠰᠣᠨᠣᠰᠴᠤ᠂ ᠨᠠᠷᠢᠨ ᠲᠣᠳᠣᠷᠬᠠᠶ ᠲᠡᠮᠳᠡᠭᠯᠡᠬᠦ ᠶᠢᠨ ᠬᠠᠮᠲᠤ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠵᠢᠱᠢᠶᠡᠯᠡᠪᠡᠯ ᠪᠠᠭᠰᠢ ᠶᠢᠨ ᠣᠷᠣᠨ ᠲᠤᠭ᠎ᠠ ᠶᠢᠨ ᠬᠥᠳᠡᠯᠦᠩᠭᠦᠶ ᠬᠠᠮᠢᠶᠠᠷᠤᠯᠲᠠ᠂ ᠰᠤᠷᠭᠠᠭᠤᠯᠢ ᠶᠢᠨ ᠬᠤᠭᠤᠷᠣᠨᠳᠣᠬᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠵᠥᠷᠢᠶ᠎ᠡ ᠪᠠᠭᠠᠰᠬᠤ ᠵᠡᠷᠭᠡ ᠲᠠᠯ᠎ᠠ ᠪᠠᠷ ᠬᠠᠶᠢᠷᠤᠪ ᠤᠨ ᠲᠣᠬᠤᠶ ᠶᠢᠨ ᠠᠵᠢᠯ ᠨᠢᠭᠡᠲᠡᠨ ᠲᠠᠢ ᠬᠥᠭᠵᠢᠶᠡᠨᠲᠡᠶ ᠶᠠᠷᠢᠯᠴᠠᠵᠤ᠂ ᠰᠢᠢᠳᠪᠦᠷᠢᠯᠡᠬᠦ ᠲᠥᠰᠦᠯ ᠢ ᠬᠠᠮᠲᠤᠪᠠᠷ ᠡᠷᠢᠯᠬᠢᠯᠡᠪᠡ᠃
640 (3).jpg   
    ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠣᠯᠢᠯᠴᠠᠬᠤ ᠠᠵᠢᠯᠯᠠᠭ᠎ᠠ ᠨᠢ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠠᠵᠢᠯᠲᠠᠳ ᠲᠤ ᠨᠡᠪᠲᠡᠷᠡᠯᠴᠡᠬᠦ ᠬᠥᠭᠦᠷᠭᠡ ᠪᠠᠶᠢᠭᠤᠯᠵᠤ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠢᠯᠡᠷᠬᠡᠶᠢᠯᠡᠭᠰᠡᠨ ᠢᠶᠠᠷ᠂ ᠬᠠᠶᠢᠷᠤᠪ ᠤᠨ ᠲᠣᠬᠤᠢ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠭᠠᠨᠬᠠᠳᠠ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠤᠨ ᠬᠠᠮᠵᠢᠯᠴᠠᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号