ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/30
    12 ᠰᠠᠷ᠎ᠠ ᠶᠢᠨ 26 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠧᠩ ᠮᠢᠩ ᠯᠢᠨ ᠬᠤᠷᠠᠯ ᠢ ᠡᠷᠬᠢᠯᠡᠪᠡ᠃    ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠪᠠ︔ ︽ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠶ ᠮᠡᠳᠡᠭᠦᠯᠦᠯᠲᠡ︾ ︽ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ︽ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠢ ᠳᠣᠭᠢᠷᠠᠭᠤᠯᠬᠤ ᠲᠥᠰᠦᠯ ᠤᠨ ᠲᠤᠬᠠᠶ ᠮᠡᠳᠡᠭᠦᠯᠦᠯᠲᠡ︾ ︽ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠡᠨᠡ ᠵᠢᠯ ᠤᠨ ᠠᠵᠤ ᠠᠬᠤᠢ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠶᠠᠭᠠᠬᠢᠵᠤ ᠦᠵᠡᠬᠦ ᠶᠢ ᠲᠣᠳᠣᠷᠬᠠᠶᠢᠯᠠᠨ ᠥᠭᠦᠯᠡᠭᠰᠡᠨ ᠮᠥᠷᠲᠡᠭᠡᠨ ᠶᠠᠭᠠᠬᠢᠵᠤ ᠬᠢᠬᠦ ᠶᠢ ᠵᠢᠯᠣᠭᠤᠳᠬᠤ ᠬᠡᠷᠡᠭᠲᠡᠢ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ︔ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ  ᠭᠡᠵᠤ ᠴᠢᠬᠤᠯᠠᠴᠢᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号