ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠡᠶ᠎ᠡ ᠵᠣᠬᠢᠴᠠᠩᠭᠤᠢ ᠨᠡᠶᠢᠭᠡᠮ ᠲᠣᠭᠤᠷᠢᠭ︶ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠠᠮᠢ ᠠᠬᠤᠢ ᠣᠷᠴᠢᠨ ᠲᠣᠭᠤᠷᠢᠨ ᠤ ᠤᠬᠠᠮᠰᠠᠷ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/12/31
    ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠴᠢᠬᠤᠯᠠᠴᠢᠯᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠪᠥᠬᠦ ᠲᠠᠯ᠎ᠠ ᠪᠠᠷ ᠲᠦᠭᠡᠮᠡᠯᠵᠢᠭᠦᠯᠬᠦ ᠶᠢᠨ ᠲᠥᠯᠥᠭᠡ᠂ ᠣᠶᠢᠷ᠎ᠠ ᠳᠤ᠂ ᠰᠢᠨᠬᠤᠸᠠ ᠵᠡᠭᠡᠯᠢ ᠭᠤᠳᠤᠮᠵᠢ ᠶᠢᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠨᠡᠶᠢᠭᠡᠮ ᠲᠣᠭᠤᠷᠢᠭ ᠤᠨ ᠠᠵᠢᠯᠲᠠᠳ ᠢ ᠵᠣᠬᠢᠶᠠᠨ ᠪᠠᠶᠢᠭᠤᠯᠤᠨ ᠬᠤᠭ ᠨᠣᠪᠰᠢ ᠶᠢ ᠲᠥᠷᠥᠯ ᠬᠤᠪᠢᠶᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠠᠳᠬᠠᠯ ᠲᠠᠢ ᠪᠣᠯᠬᠤ ᠶᠢ ᠬᠥᠲᠥᠯᠥᠨ ᠵᠢᠯᠣᠭᠤᠳᠪᠠ᠃
41993.png   
    ᠨᠡᠶᠢᠭᠡᠮ ᠲᠣᠭᠤᠷᠢᠭ ᠤᠨ ᠠᠵᠢᠯᠲᠠᠳ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠴᠢᠨᠠᠷ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠲᠤ ᠦᠷᠭᠦᠯᠵᠢ ᠲᠣᠬᠢᠶᠠᠯᠳᠤᠬᠤ ᠠᠮᠢᠳᠤᠷᠠᠯ ᠤᠨ ᠬᠤᠭ ᠨᠣᠪᠰᠢ ᠶᠢᠨ ᠲᠥᠷᠥᠯ ᠢᠯᠭᠠᠯ ᠢ ᠲᠦᠭᠡᠮᠡᠯᠵᠢᠭᠦᠯᠵᠦ᠂ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠨᠢ ᠣᠷᠴᠢᠨ ᠲᠣᠭᠤᠷᠢᠨ᠂ ᠠᠮᠢᠳᠤᠷᠠᠯ ᠳᠤ ᠠᠪᠴᠢᠷᠠᠭᠰᠠᠨ ᠠᠯᠤᠰ ᠬᠡᠲᠦ ᠶᠢᠨ ᠠᠴᠢ ᠬᠤᠯᠪᠣᠭᠳᠠᠯ ᠢ ᠣᠶᠢᠯᠠᠭᠠᠭᠤᠯᠵᠤ᠂ ᠰᠠᠭᠤᠭᠠᠯᠢ ᠠᠷᠠᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠠᠵᠢᠯ ᠢ ᠰᠠᠶᠢᠲᠤᠷ ᠬᠢᠭᠰᠡᠨ ᠪᠠᠶᠢᠨ᠎ᠠ᠃
41994.png   
    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠣᠰᠬᠤᠨ ᠤ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠦᠲᠦᠮᠵᠢᠲᠡᠶ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠬᠦ ᠪᠠ ᠤᠬᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠠᠭᠤᠭᠠᠯᠢ ᠠᠷᠠᠳ ᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号