ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠣᠶᠢᠯᠠᠭᠠᠭᠰᠠᠨ ᠢᠶᠠᠷ᠄ ᠲᠥᠪ ᠤᠨ ᠡᠳ᠋ ᠤᠨ ᠵᠠᠰᠠᠭ ᠠᠴᠠ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ 2025 | ᠣᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠤ ᠦᠨ᠎ᠡ ᠶᠢᠨ ᠨᠡᠮᠡᠯᠲᠡ ᠨᠥᠬᠦᠪᠥᠷᠢ ᠶᠢᠨ ᠪᠠᠯᠠ | ᠮᠥᠩᠭᠦ ᠶᠢ 32 ᠳ᠋ᠦᠩᠰᠢᠭᠤᠷ ᠭᠠᠷᠤᠶ ᠲᠥᠭᠦᠷᠢᠭ ᠤᠷᠢᠳᠴᠢᠯᠠᠨ ᠪᠠᠭᠤᠯᠭᠠᠵᠤ᠂ ᠥᠪᠥᠷ ᠮᠣᠩᠭᠤᠯ ᠤᠨ ᠳᠠᠬᠢᠨ | ᠡᠭᠦᠰᠴᠦ ᠪᠣᠯᠬᠤ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ | ᠣᠶᠢᠯᠠᠭᠠᠭᠰᠠᠨ ᠢᠶᠠᠷ᠂ ᠲᠣᠰ ᠵᠦᠢᠯ ᠤᠨ ᠨᠥᠬᠦᠪᠥᠷᠢ ᠪᠠᠯᠠ ᠮᠥᠩᠭᠦ ᠨᠢ ᠭᠤᠤᠯᠳᠠᠭᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ᠂ ᠠᠮᠢᠳᠤ ᠪᠣᠳᠠᠰ ᠤᠨ ᠮᠠᠰ ᠡᠨᠧᠷᠭᠢ ᠪᠠᠷ ᠴᠠᠬᠢᠯᠭᠠᠨ ᠭᠠᠷᠭᠠᠬᠤ ᠵᠡᠷᠭᠡ ᠳᠠᠬᠢᠨ ᠡᠭᠦᠰᠴᠦ ᠪᠣᠯᠬᠤ | ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠬᠡᠪᠴᠢᠶᠡᠵᠢᠭᠦᠯᠦᠨ ᠪᠥᠲᠥᠭᠡᠨ ᠪᠠᠶᠢᠭᠤᠯᠬᠤ ᠵᠢᠴᠢ ᠠᠵᠢᠯ | ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠳᠡᠮᠵᠢᠵᠦ᠂ ᠪᠥᠬᠦ ᠣᠷᠣᠨ ᠤ | ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ ᠶᠢ ᠠᠬᠢᠭᠤᠯᠤᠨ᠂ ᠡᠨᠧᠷᠭᠢ ᠶᠢᠨ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠳᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠢ ᠪᠠᠶᠢᠭᠤᠯᠬᠤ ᠳᠤ ᠬᠦᠴᠦᠨ ᠴᠢᠳᠠᠯ ᠨᠡᠮᠡᠷᠢᠯᠡᠵᠦ ᠪᠠᠶᠢᠨ᠎ᠠ᠃ ᠣᠳᠣᠬᠠᠨ ᠳᠤ᠂ ᠵᠥᠪᠬᠡᠨ ᠥᠪᠥᠷ | ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠳᠤ ᠨᠢᠭᠡᠨᠲᠡ ᠲᠥᠪ ᠤᠨ ᠡᠳ᠋ ᠤᠨ ᠵᠠᠰᠠᠭ ᠤᠨ ᠳᠠᠬᠢᠨ | ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠤ ᠦᠨ᠎ᠡ ᠶᠢᠨ ᠨᠡᠮᠡᠯᠲᠡ ᠨᠥᠬᠦᠪᠥᠷᠢ ᠶᠢᠨ ᠪᠠᠯᠠ ᠮᠥᠩᠭᠦ ᠶᠢᠨ | ᠳᠡᠮᠵᠢᠯᠭᠡ ᠶᠢ ᠣᠯᠤᠭᠰᠠᠨ ᠲᠥᠷᠥᠯ ᠵᠦᠢᠯ 1394 ᠪᠣᠯᠵᠣ᠂ ᠲᠥᠷᠥᠯ ᠵᠦᠢᠯ ᠤᠨ ᠴᠠᠬᠢᠯᠭᠠᠨ ᠬᠦᠴᠦᠨ ᠤ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 2798 ᠲᠦᠮᠡᠨ ᠺᠢᠯᠣᠸᠠᠲ ᠲᠤ ᠬᠦᠷᠴᠦ᠂ ᠵᠢᠯ ᠪᠦᠷᠢ ᠶᠢᠨ ᠨᠥᠬᠦᠪᠥᠷᠢ | ᠥᠭᠬᠦ ᠴᠠᠬᠢᠯᠭᠠᠨ ᠤ ᠬᠡᠮᠵᠢᠶ᠎ᠡ ᠪᠠᠷᠤᠭ 569.4276 ᠳ᠋ᠦᠩᠰᠢᠭᠤᠷ ᠺᠢᠯᠣᠸᠠᠲ ᠴᠠᠭ ᠲᠤ ᠬᠦᠷᠴᠡᠶ᠃ | ᠥᠪᠥᠷ ᠮᠣᠩᠭᠤᠯ ᠪᠣᠯ ᠳᠠᠬᠢᠨ ᠡᠭᠦᠰᠴᠦ ᠪᠣᠯᠬᠤ ᠡᠨᠧᠷᠭᠢ ᠡᠯᠪᠡᠭ ᠳᠡᠯᠪᠡᠭ ᠲᠥᠪᠯᠡᠷᠡᠭᠰᠡᠨ ᠭᠠᠵᠠᠷ ᠣᠷᠣᠨ | ᠮᠥᠨ᠂ ᠡᠯᠪᠡᠭ ᠪᠠᠶᠠᠯᠢᠭ ᠰᠠᠯᠬᠢᠨ ᠡᠨᠧᠷᠭᠢ᠂ ᠨᠡᠷᠡᠨ ᠤ ᠡᠨᠧᠷᠭᠢ ᠪᠠ ᠠᠮᠢᠳᠤ ᠪᠣᠳᠠᠰ ᠤᠨ ᠮᠠᠰ ᠡᠨᠧᠷᠭᠢ ᠲᠠᠢ᠃ | ᠤᠯᠠᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ | ᠲᠣᠭᠤᠷᠢᠨ ᠳᠤ᠂ ᠡᠳ᠋ ᠤᠨ ᠵᠠᠰᠠᠭ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠶᠢ ᠭᠦᠢᠴᠡᠳ | ᠠᠰᠢᠭᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠠ ᠪᠠᠶᠢᠯᠳᠤᠬᠤ ᠪᠤᠳᠤᠯᠭ᠎ᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠲᠥᠪ ᠤᠨ ᠡᠳ᠋ ᠤᠨ | ᠵᠠᠰᠠᠭ ᠠᠴᠠ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠤ ᠦᠨ᠎ᠡ ᠶᠢᠨ ᠨᠡᠮᠡᠯᠲᠡ ᠲᠤᠰᠠᠯᠠᠮᠵᠢ ᠶᠢᠨ ᠪᠡᠯᠡ | ᠮᠥᠩᠭᠦ ᠶᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠠᠵᠤ | ᠦᠢᠯᠡᠰ ᠤᠨ ᠦᠷᠭᠦᠯᠵᠢᠯᠡᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠨᠢᠭᠡ ᠲᠠᠯ᠎ᠠ ᠪᠠᠷ᠂ ᠠᠵᠤ | ᠠᠬᠤᠶᠢᠯᠠᠯ ᠤᠨ ᠬᠢᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠪᠠᠷ ᠳᠡᠮᠵᠢᠨ᠂ ᠲᠣᠨᠤᠭ ᠲᠥᠬᠦᠭᠡᠷᠦᠮᠵᠢ ᠪᠠᠨ | ᠰᠢᠨᠡᠳᠬᠡᠬᠦ᠂ ᠮᠡᠷᠭᠡᠵᠢᠯ ᠤᠨ ᠲᠠᠰ ᠳᠡᠪᠰᠢᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠶᠢ ᠴᠠᠭ | ᠲᠤᠬᠠᠶ ᠳᠤᠨᠢ ᠬᠢᠵᠦ ᠪᠣᠯᠤᠨ᠎ᠠ︔ ᠨᠥᠭᠦᠭᠡ ᠲᠠᠯ᠎ᠠ ᠪᠠᠷ᠂ ᠨᠥᠬᠦᠪᠥᠷᠢ ᠪᠠᠯᠠ ᠮᠥᠩᠭᠦ ᠪᠠᠷ ᠨᠠᠩ ᠣᠯᠠᠨ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠬᠠᠮᠢᠶ᠎ᠠ ᠪᠥᠬᠦᠶ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠤ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠬᠢᠯᠲᠠ | ᠡᠨᠧᠷᠭᠢ ᠶᠢᠨ ᠠᠵᠤ ᠦᠢᠯᠡᠰ ᠤᠨ ᠬᠤᠷᠠᠮᠳᠤᠯ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠬᠦᠴᠦᠨ ᠨᠡᠮᠡᠷᠢᠯᠡᠪᠡ᠃ | ︽ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠᠯᠠ | ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠪᠠᠯᠠ ᠮᠥᠩᠭᠦ ᠶᠢᠨ | ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠣᠯᠠᠨ ᠡᠨᠧᠷᠭᠢ | ᠬᠠᠷᠢᠯᠴᠠᠨ ᠨᠥᠬᠦᠪᠥᠷᠢᠯᠡᠬᠦ᠂ ᠣᠯᠠᠨ ᠦᠢᠯᠡᠰ ᠵᠡᠷᠭᠡ ᠪᠠᠷ ᠤᠷᠤᠭᠰᠢᠯᠠᠬᠤ᠂ ᠣᠯᠠᠨ ᠲᠠᠯ᠎ᠠ ᠪᠠᠷ ᠲᠤᠯᠭᠠᠭᠤᠷᠢᠯᠠᠬᠤ᠂ | ᠣᠯᠠᠨ ᠡᠰᠢᠴᠢᠯᠡᠨ ᠬᠥᠭᠵᠢᠬᠦ ᠡᠨᠧᠷᠭᠢ ᠶᠢᠨ ᠠᠵᠤ ᠦᠢᠯᠡᠰ ᠤᠨ ᠰᠢᠨ᠎ᠡ ᠪᠠᠶᠢᠷᠢᠰᠢᠯ ᠢ ᠪᠠᠶᠢᠭᠤᠯᠤᠨ | ᠪᠦᠷᠢᠯᠳᠦᠭᠦᠯᠬᠦ ᠶᠢ ᠪᠠᠲᠤᠯᠠᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠨ᠎ᠡ︾ ᠭᠡᠪᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠡᠩᠬᠡᠮ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠬᠡᠯᠡᠪᠡ᠃ |