ᠬᠠᠶᠢᠷᠤᠪ ᠤᠨ ᠲᠣᠬᠤᠢ ᠲᠣᠭᠤᠷᠢᠭ ᠤᠨ ᠠᠵᠤ ᠤᠶᠢᠯᠡᠳᠪᠤᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠣᠷᠣᠭᠤᠯᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/5
    ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠬᠠᠤᠯᠢ ᠶᠣᠰᠣᠭᠠᠷ ᠬᠠᠮᠢᠶᠠᠷᠬᠤ ᠶᠢ ᠠᠬᠢᠭᠤᠯᠬᠤ ᠶᠢᠨ ᠲᠥᠯᠥᠭᠡ ᠂ 12 ᠰᠠᠷ᠎ᠠ ᠶᠢᠨ 4 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠭᠤᠸᠠᠩ ᠨᠠ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠶᠢ ᠡᠭᠦᠳᠦᠭᠴᠢ ᠶᠢᠨ ᠣᠷᠣᠨ ᠵᠠᠢ ᠳᠤ ᠭᠦᠨᠵᠡᠭᠡᠶᠢᠷᠡᠨ ︽ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠣᠷᠣᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
41357_1920x1080.png   
    ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠺᠠᠳ᠋ᠷ ᠠᠵᠢᠯᠲᠠᠨ ᠠᠵᠢᠯᠴᠢᠨ ᠤ ᠦᠨᠳᠦᠰᠦᠨ ᠬᠠᠤᠯᠢ ᠶᠢᠨ ᠮᠡᠳᠡᠯᠭᠡ ᠶᠢ ᠰᠤᠷᠤᠯᠴᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠬᠠᠤᠯᠢ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃
41358.png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号