ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ᠄ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ ᠨᠡᠩ ᠭᠡᠭᠡᠨ ᠰᠠᠷᠠᠭᠤᠯ ᠢᠷᠡᠭᠡᠳᠦᠶ ᠶᠢ ᠨᠡᠭᠡᠭᠡᠶ᠎ᠡ
ᠨᠡᠶᠢᠲᠡᠯᠡᠭᠰᠡᠨ ᠴᠠᠭ᠄
2024/12/5
       ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠶ᠎ᠡ— ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ    ᠬᠥᠭᠡᠭᠡᠴᠡᠯᠳᠦᠵᠦ ᠪᠠᠶᠢᠭ᠎ᠠ ᠨᠢ ᠬᠥᠭᠵᠢᠯᠲᠡ᠂ ᠡᠷᠬᠢᠮᠯᠡᠵᠦ ᠪᠠᠶᠢᠭ᠎ᠠ ᠨᠢ ᠬᠠᠮᠲᠤ ᠶᠢᠨ ᠢᠯᠠᠯᠲᠠ᠂ ᠳᠠᠮᠵᠢᠭᠤᠯᠵᠤ ᠪᠠᠶᠢᠭ᠎ᠠ ᠨᠢ ᠢᠲᠡᠭᠡᠯ ᠪᠣᠯᠣᠨ᠎ᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠳᠠᠪᠰᠢᠯᠲᠠ ᠶᠢᠨ ᠯᠣᠭᠢᠭ ᠲᠤ ᠨᠡᠶᠢᠴᠡᠨ᠎ᠡ᠃    12 ᠳ᠋ᠤᠭᠠᠷ ᠰᠠᠷ᠎ᠠ ᠶᠢᠨ 2 ᠤᠨ ᠡᠳᠦᠷ ᠬᠤᠷᠠᠯᠳᠤᠭᠤᠯᠤᠭᠰᠠᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠯᠡᠬᠦ ᠦᠨᠳᠦᠷᠴᠡ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠣᠯᠤᠭᠰᠠᠨ ᠴᠢᠬᠤᠯᠠ ᠶᠡᠭᠡ ᠠᠮᠵᠢᠯᠲᠠ ᠶᠢ ᠭᠦᠢᠴᠡᠳ ᠨᠤᠲᠠᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ︽ᠪᠢᠳᠡ ᠪᠠᠶᠢᠯᠳᠤᠬᠤ ᠪᠤᠳᠤᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠬᠡᠷᠡᠭᠲᠡᠢ︾ ᠭᠡᠵᠦ ᠴᠢᠬᠤᠯᠠᠴᠢᠯᠠᠪᠠ᠃    2013 ᠣᠨ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠡᠭᠦᠳᠦᠯᠲᠡ ᠶᠢᠨ ᠴᠢᠨᠠᠷᠲᠠᠢ ᠳᠤᠷᠠᠳᠤᠭᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠵᠠᠷᠴᠢᠮ ᠣᠨᠣᠯᠵᠢᠬᠤᠨ᠂ ᠬᠠᠷᠠᠯᠲᠠ ᠡᠭᠦᠷᠭᠡ᠂ ᠠᠷᠭ᠎ᠠ ᠵᠠᠮ ᠵᠡᠷᠭᠡ ᠶᠢᠨ ᠲᠤᠬᠠᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠨᠢᠭᠡ ᠪᠦᠰᠡ ᠨᠢᠭᠡ ᠵᠠᠮ︾ ᠤᠨ ᠬᠠᠮᠲᠤ ᠪᠠᠷ ᠪᠦᠳᠦᠭᠡᠨ ᠪᠠᠶᠢᠭᠤᠯᠬᠤ ᠶᠢ ᠬᠦᠨᠵᠡᠭᠡᠶᠢᠷᠡᠭᠦᠯᠦᠨ ᠪᠣᠲᠠᠲᠠᠶᠢᠵᠢᠭᠤᠯᠬᠤ ᠲᠡᠶᠢᠰᠢ ᠬᠦᠳᠦᠯᠦᠨ ᠵᠢᠯᠣᠭᠤᠳᠪᠠ᠃ 11 ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠡᠩᠬᠡ ᠲᠠᠶᠢᠪᠤᠩ ᠬᠠᠮᠲᠤᠷᠠᠯᠴᠠᠭ᠎ᠠ᠂ ᠨᠡᠭᠡᠭᠡᠯᠲᠡᠲᠦ ᠪᠠᠭᠲᠠᠭᠠᠮᠵᠢᠲᠠᠢ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠢᠯᠠᠬᠤ ᠲᠣᠷᠭᠠᠨ ᠵᠠᠮ ᠤᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠬᠦᠷᠲᠡᠬᠦ ᠵᠠᠷᠴᠢᠮ ᠢ ᠢᠮᠠᠭᠲᠠ ᠪᠠᠷᠢᠮᠲᠠᠯᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠬᠠᠮᠲᠤᠷᠠᠯᠴᠠᠭᠠᠨ ᠤ ᠬᠡᠪᠴᠢᠶ᠎ᠡ ᠪᠠᠨ ᠲᠠᠰᠤᠷᠠᠯᠲᠠ ᠦᠭᠡᠢ ᠶᠡᠬᠡᠰᠬᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠯᠡᠬᠡᠢ ᠨᠡᠶᠢᠲᠡ ᠶᠢ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠬᠢᠵᠦ ᠡᠬᠢᠯᠡᠭᠰᠡᠨ ᠤ ᠲᠠᠷᠠᠭ᠎ᠠ ᠳᠤᠷᠠᠳᠤᠭᠰᠠᠨ ᠠᠩᠬᠠᠳᠠᠭᠴᠢ ᠪᠦᠬᠦ ᠪᠥᠮᠪᠥᠷᠴᠡᠭ ᠤᠨ ᠴᠢᠨᠠᠷᠲᠠᠢ᠂ ᠦᠷᠭᠡᠨ ᠬᠡᠪᠴᠢᠶᠡᠨ ᠤ᠂ ᠪᠦᠬᠦ ᠲᠠᠯ᠎ᠠ ᠶᠢᠨ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠨᠢ ᠨᠢᠭᠡᠨᠲᠡ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠬᠦᠷᠢᠶ᠎ᠡ ᠪᠠᠷ ᠬᠠᠮᠤᠭ ᠤᠨ ᠥᠷᠭᠡᠨ᠂ ᠨᠥᠯᠥᠭᠡ ᠪᠠᠷ ᠬᠠᠮᠤᠭ ᠤᠨ ᠭᠦᠨ ᠪᠠᠶᠢᠭ᠎ᠠ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠠᠪᠴᠠᠩ ᠪᠤᠯᠵᠤ᠂ ᠤᠯᠤᠰ ᠯᠤᠭ᠎ᠠ ᠶᠢᠨ ᠨᠥᠬᠦᠷᠯᠡᠯ ᠢ ᠵᠤᠵᠠᠭᠠᠳᠬᠠᠵᠤ᠂ ᠤᠯᠤᠰ ᠯᠤᠭ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠭᠠᠷᠭᠠᠪᠠ᠃    ᠠᠷᠪᠠᠨ ᠨᠢᠭᠡᠨ ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠨᠢ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠪᠣᠶ ᠪᠣᠯᠭᠠᠵᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ᠃ ᠪᠢᠳᠡ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠷ ᠦᠢᠯᠡᠳᠦᠯᠭᠡ ᠶᠢᠨ ᠲᠠᠪᠴᠠᠩ ᠪᠣᠯᠭᠠᠵᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠵᠤ᠂ ᠣᠯᠠᠩᠬᠢ ᠤᠯᠤᠰ ᠪᠠ ᠭᠠᠵᠠᠷ ᠣᠷᠣᠨ ᠯᠤᠭ᠎ᠠ ᠬᠤᠶᠠᠷ ᠲᠠᠯ᠎ᠠ ᠵᠢᠴᠢ ᠣᠷᠣᠨ ᠪᠦᠰᠡ ᠶᠢᠨ ᠴᠢᠨᠠᠷᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ 150 ᠭᠠᠷᠤᠢ ᠤᠯᠤᠰ᠂ 30 ᠭᠠᠷᠤᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠬᠠᠮᠲᠤᠷᠠᠯᠴᠠᠬᠤ ᠬᠠᠨᠢᠲᠠᠳ ᠤᠨ ᠬᠠᠷᠢᠯᠴᠠᠭᠠᠨ ᠤ ᠲᠣᠣᠷ ᠢᠶᠠᠨ ᠲᠠᠰᠤᠷᠠᠯᠲᠠ ᠦᠭᠡᠢ ᠥᠷᠭᠡᠳᠭᠡᠪᠠ᠃ ᠣᠷᠣᠨ ᠪᠦᠰᠡ ᠶᠢᠨ ᠨᠡᠭᠡᠭᠡᠯᠲᠡ ᠶᠢ ᠭᠦᠨᠵᠡᠭᠡᠶ ᠠᠬᠢᠭᠤᠯᠵᠤ᠂ ᠣᠷᠣᠨ ᠪᠦᠰᠡ ᠶᠢᠨ ᠨᠡᠭᠡᠭᠡᠯᠲᠡ ᠬᠢᠬᠦ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠲᠡᠯᠡᠶ ᠳᠠᠭᠠᠤ ᠣᠷᠣᠨ ᠢᠶᠠᠷ ᠨᠡᠭᠡᠭᠡᠯᠲᠡ ᠬᠢᠬᠦ ᠬᠢᠭᠡᠳ ᠳᠣᠲᠣᠭᠠᠳᠤ ᠬᠠᠭᠤᠷᠠᠶ ᠶᠢᠨ ᠬᠢᠯᠢ ᠳᠠᠭᠠᠤ ᠨᠡᠭᠡᠭᠡᠯᠲᠡ ᠬᠢᠬᠦ ᠶᠢ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠂ ᠳᠣᠲᠣᠭᠠᠳᠤ ᠬᠠᠭᠤᠷᠠᠶ ᠶᠢᠨ ᠪᠠ ᠳᠠᠯᠠᠢ ᠳᠠᠭᠠᠤ ᠶᠢᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠭᠠᠯᠠᠨ ᠬᠥᠳᠡᠯᠦᠯᠴᠡᠭᠰᠡᠨ᠂ ᠵᠡᠭᠦᠨᠰᠢ ᠪᠠᠷᠠᠭᠤᠨᠰᠢ ᠬᠤᠤᠰ ᠴᠢᠭᠯᠡᠯ ᠢᠶᠠᠷ ᠲᠤᠰᠠᠯᠠᠯᠴᠠᠭᠰᠠᠨ ᠪᠥᠬᠦ ᠲᠠᠯ᠎ᠠ ᠪᠠᠷ ᠨᠡᠭᠡᠭᠡᠯᠲᠡ ᠬᠢᠬᠦ ᠲᠥᠯᠥᠪ ᠪᠠᠶᠢᠳᠠᠯ ᠢ ᠪᠣᠶ ᠪᠣᠯᠭᠠᠪᠠ᠃ 30 ᠤᠯᠤᠰ ᠪᠠ ᠭᠠᠵᠠᠷ ᠣᠷᠣᠨ ᠯᠤᠭ᠎ᠠ ᠴᠢᠯᠥᠭᠡᠲᠦ ᠠᠷᠠᠯᠵᠢᠶᠠᠨ ᠤ 23 ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶ᠎ᠠ ᠲᠠᠢ ᠴᠢᠯᠥᠭᠡᠲᠦ ᠠᠷᠠᠯᠵᠢᠶᠠᠨ ᠤ ᠣᠷᠣᠨ ᠤ ᠲᠣᠣᠷ ᠢ ᠯᠠᠪᠳᠠᠭᠤᠨ ᠢᠶᠠᠷ ᠥᠷᠭᠡᠳᠬᠡᠬᠦ ᠬᠦᠷᠲᠡᠯ᠎ᠡ᠂ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢᠨ ᠨᠠᠵᠠᠭᠠᠢ ᠵᠦᠢᠯᠡᠰ ᠤᠨ ᠨᠠᠷᠢᠨ ᠲᠠᠩᠰᠠ ᠶᠢ ᠦᠷᠭᠦᠯᠵᠢᠯᠡᠨ ᠪᠠᠭᠠᠰᠬᠠᠬᠤ ᠠᠴᠠ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠳ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠬᠡᠯᠲᠦᠷᠢᠭᠦᠯᠬᠦ ᠬᠠᠷᠠᠭᠠᠯᠵᠠᠯ ᠣᠯᠭᠤᠬᠤ ᠬᠦᠷᠲᠡᠯ᠎ᠡ ᠁ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠷ ᠳᠠᠮᠵᠢᠭᠤᠯᠤᠨ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ ᠡᠭᠦᠳᠡ ᠶᠠᠪᠤᠬᠤ ᠲᠤᠲᠤᠮ ᠶᠡᠬᠡᠰᠴᠦ᠂ ᠨᠡᠭᠡᠭᠡᠯᠲᠡ ᠪᠠ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠣᠷᠣᠨ ᠵᠠᠢ ᠶᠢ ᠡᠭᠦᠳᠪᠡ᠃
   6386892998217104567483109.png   
    ᠺᠠᠮᠪᠤᠵᠠ ᠶᠢᠨ ᠺᠠᠮᠫᠣᠩ ᠰᠫᠧᠦ᠋ ᠮᠤᠵᠢ ᠳᠤ ᠰᠡᠭᠦᠳᠡᠷᠯᠡᠭᠰᠡᠨ ᠶᠢᠨ ᠭᠠᠩ ᠲᠦᠷᠭᠡᠨ ᠤ ᠵᠠᠰᠠᠮᠠᠯ ᠵᠠᠮ᠃ ᠰᠢᠨᠬᠤᠸᠠ ᠬᠤᠷᠢᠶ᠎ᠠ ᠨᠡᠶᠢᠲᠡᠯᠡᠪᠡ ︵ᠺᠠᠮᠪᠤᠵᠠ ᠶᠢᠨ ᠶᠢᠨ ᠭᠠᠩ ᠲᠦᠷᠭᠡᠨ ᠤ ᠵᠠᠮ ᠤᠨ ᠬᠢᠵᠠᠭᠠᠷᠲᠤ ᠺᠣᠮᠫᠠᠨᠢ ᠶᠢᠨ ᠬᠠᠩᠭᠠᠭᠰᠠᠨ ᠵᠢᠷᠤᠭ︶    ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠡᠭᠦᠰᠦᠯ ᠲᠠᠢ᠂ ᠬᠠᠷᠢᠨ ᠲᠡᠭᠦᠨ ᠤ ᠦᠷ᠎ᠡ ᠪᠦᠲᠦᠭᠡᠯ ᠪᠠ ᠠᠵᠠ ᠲᠣᠬᠢᠶᠠᠯ ᠨᠢ ᠳᠡᠯᠡᠬᠡᠢ ᠨᠡᠶᠢᠲᠡ ᠶᠢᠨ ᠬᠢ ᠶᠤᠮ᠂ 11 ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠨᠢ ᠪᠦᠬᠦ ᠪᠥᠮᠪᠥᠷᠴᠡᠭ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠭᠡᠭᠡᠨ ᠰᠠᠷᠠᠭᠤᠯ ᠢᠷᠡᠭᠡᠳᠦᠢ ᠲᠠᠢ ᠬᠥᠮᠥᠨ ᠤ ᠶᠢᠷᠲᠢᠨᠴᠦ ᠶᠢᠨ ᠵᠥᠪ ᠵᠠᠮ ᠢ ᠨᠡᠭᠡᠭᠡᠵᠦ᠂ ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭ᠎ᠠ ᠶᠢᠨ ᠬᠤᠪᠢᠰᠤᠯᠲᠠ ᠶᠢ ᠠᠬᠢᠭᠤᠯᠬᠤ ᠳᠤ ᠵᠥᠪ ᠣᠨᠣᠪᠴᠢᠲᠠᠢ ᠤᠷᠤᠭᠰᠢᠯᠠᠬᠤ ᠴᠢᠭᠯᠡᠯ ᠲᠡᠶᠢᠰᠢ ᠬᠥᠲᠥᠯᠥᠨ ᠳᠠᠭᠠᠭᠤᠯᠵᠠᠢ᠃ ᠪᠢᠳᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷ ᠭᠤᠣᠯ ᠰᠢᠵᠢᠮ ᠪᠣᠯᠭᠠᠨ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠬᠢᠭᠡᠳ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠵᠢᠵᠢᠭ ᠪᠣᠯᠪᠠᠴᠤ ᠭᠤᠶᠢᠳᠠ︾ ᠲᠦᠷᠦᠯ ᠵᠦᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠤ ᠴᠢᠬᠤᠯᠠ ᠬᠤᠪᠢ ᠨᠡᠮᠡᠷᠢ ᠭᠠᠷᠭᠠᠵᠠᠢ᠃ ᠶᠠᠺᠠᠷᠲ᠋ᠠ — ᠪᠠᠨᠳᠤᠩ ᠲᠦᠷᠭᠡᠨ ᠤ ᠲᠡᠮᠦᠷ ᠵᠠᠮ ᠨᠢ ᠵᠡᠭᠦᠨ ᠡᠮᠦᠨᠡᠲᠦ ᠠᠽᠢᠶ᠎ᠠ ᠳᠤ ᠲᠦᠷᠭᠡᠨ ᠤ ᠲᠡᠮᠦᠷ ᠵᠠᠮ ᠲᠠᠢ ᠪᠣᠯᠭᠠᠵᠤ᠂ ᠳᠤᠮᠳᠠᠳᠤ ᠯᠠᠤᠰ ᠤᠨ ᠲᠡᠮᠦᠷ ᠵᠠᠮ ᠨᠢ ᠯᠠᠤᠰ ᠢ ︽ᠡᠬᠡ ᠬᠠᠭᠤᠷᠠᠢ ᠶᠢᠨ ᠲᠦᠭᠵᠢᠮᠡᠯ ᠤᠯᠤᠰ︾ ᠪᠠᠶᠢᠭᠰᠠᠨ ᠠᠴᠠ ᠨᠢ ︽ᠡᠬᠡ ᠬᠠᠭᠤᠷᠠᠢ ᠶᠢᠨ ᠬᠤᠯᠪᠣᠭᠠᠲᠤ ᠤᠯᠤᠰ︾ ᠪᠣᠯᠬᠤ ᠳᠤ ᠬᠦᠴᠦᠨ ᠨᠡᠮᠡᠷᠢᠯᠡᠪᠡ᠂ ᠴᠢᠶᠠᠨ ᠺᠠᠢ ᠭᠠᠷᠠᠮ ᠨᠢ ᠡᠮᠦᠨᠡᠲᠦ ᠠᠮᠧᠷᠢᠺᠠ ᠳᠠᠬᠢ ᠠᠩᠬᠠᠳᠠᠭᠴᠢ ᠣᠶᠤᠨᠲᠤ ᠭᠠᠷᠠᠮ ᠪᠠ ᠪᠣᠬᠢᠷᠲᠤᠯ ᠦᠭᠡᠢ ᠭᠠᠷᠠᠮ ᠪᠣᠯᠪᠠ᠂ ᠮᠤᠮᠪᠠᠰᠠ — ᠨᠠᠶᠢᠷᠤᠪᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠢ ᠺᠧᠨᠢᠶᠠ ᠳᠤ 5 ᠲᠦᠮᠡ ᠰᠢᠬᠠᠮ ᠠᠵᠢᠯ ᠤᠨ ᠪᠠᠶᠢᠷᠢ ᠬᠠᠩᠭᠠᠵᠠᠢ ᠁ ᠡᠯ᠎ᠡ ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠡᠨᠡ ᠬᠦ ︽ᠵᠣᠯ ᠵᠢᠷᠭᠠᠯ ᠤᠨ ᠵᠠᠮ︾ ᠶᠠᠪᠤᠬᠤ ᠳᠤᠳᠤᠮ ᠥᠷᠭᠡᠵᠢᠵᠦ ᠪᠠᠶᠢᠨ᠎ᠠ᠃ ᠪᠢᠳᠡ ᠬᠡᠬᠦᠳᠡᠭ ᠴᠡᠭᠡᠵᠢᠨ ᠳᠤ ᠪᠠᠨ ᠳᠡᠯᠡᠬᠡᠢ ᠳ᠋ᠠᠬᠢᠨ ᠢ ᠪᠠᠭᠲᠠᠭᠠᠬᠤ ᠶᠢᠷᠲᠢᠨᠴᠦ ᠶᠢᠨ ᠦᠵᠡᠯᠲᠡ ᠶᠢ ᠪᠠᠷᠢᠮᠲᠠᠯᠠᠨ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠭᠰᠠᠨ᠂ ᠲᠦᠭᠡᠮᠡᠯ ᠠᠰᠢᠭ ᠬᠦᠷᠲᠡᠭᠡᠭᠰᠡᠨ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭᠠᠨ ᠤ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃     ᠥᠩᠭᠡᠷᠡᠭᠰᠡᠨ ᠢᠶᠠᠨ ᠳ᠋ᠦᠩᠨᠡᠬᠦ ᠨᠢ ᠢᠷᠡᠭᠡᠳᠦᠢ ᠵᠦᠭ ᠨᠡᠩ ᠰᠠᠶᠢᠨ ᠤᠷᠤᠭᠰᠢᠯᠠᠬᠤ ᠶᠢᠨ ᠲᠥᠯᠥᠭᠡ ᠶᠤᠮ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠣᠯ ᠳᠤᠮᠳᠠᠳᠤ ᠤᠯᠤᠰ ᠤᠨ ᠳᠡᠯᠡᠬᠡᠢ ᠳ᠋ᠠᠬᠢᠨ ᠯᠤᠭ᠎ᠠ ᠠᠵᠠ ᠲᠣᠬᠢᠶᠠᠯ ᠢ ᠬᠠᠮᠲᠤ ᠪᠠᠷ ᠬᠦᠷᠲᠡᠬᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠰᠠᠷᠠᠭᠤᠯ ᠳᠠᠷᠳᠠᠩ ᠵᠠᠮ ᠮᠥᠨ᠂ ᠬᠠᠮᠲᠤ ᠪᠠᠷ ᠴᠡᠴᠡᠭᠯᠡᠨ ᠬᠥᠭᠵᠢᠬᠦ ᠠᠵᠠ ᠲᠣᠬᠢᠶᠠᠯ ᠤᠨ ᠵᠠᠮ ᠮᠥᠨ᠂ ᠡᠯ᠎ᠡ ᠤᠯᠤᠰ ᠤᠨ ᠬᠠᠮᠲᠤ ᠪᠠᠷ ᠬᠥᠭᠵᠢᠬᠦ ᠲᠣᠮᠣ ᠲᠠᠪᠴᠠᠩ ᠮᠥᠨ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ ᠴᠣᠭᠴᠠᠯᠠᠨ᠂ ᠬᠥᠮᠥᠨ ᠲᠥᠷᠥᠯᠬᠢᠲᠡᠨ ᠤ ᠬᠠᠮᠲᠤ ᠪᠠᠷ ᠬᠥᠭᠵᠢᠬᠦ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠬᠤᠷᠠᠮᠳᠤᠭᠤᠯᠵᠤ ᠪᠠᠶᠢᠬᠤ ᠶᠢ ᠦᠢᠯᠡᠳᠦᠯᠭᠡ ᠭᠦᠢᠴᠡᠳ ᠭᠡᠷᠡᠴᠢᠯᠡᠵᠡᠢ᠃ ᠡᠨᠡ ᠬᠦ ᠰᠠᠨᠠᠭᠠᠴᠢᠯᠠᠭ᠎ᠠ ᠨᠢ ᠴᠠᠭ ᠤᠨ ᠤᠷᠤᠰᠬᠠᠯ ᠢ ᠲᠠᠭᠠᠵᠦ᠂ ᠠᠷᠠᠳ ᠤᠨ ᠰᠡᠳᠬᠢᠯ ᠢ ᠣᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠳᠡᠯᠡᠬᠡᠢ ᠳ᠋ᠠᠬᠢᠨ ᠳᠤ ᠠᠰᠢᠭᠲᠠᠢ ᠪᠠᠶᠢᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠶᠤᠮ᠃     ᠲᠡᠦᠬᠡ ᠶᠢᠨ ᠶᠡᠭᠡ ᠬᠠᠨᠳᠤᠰᠢ ᠶᠢ ᠠᠮᠵᠢᠨ ᠤᠷᠤᠭᠰᠢᠯᠠᠵᠤ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠨ ᠠᠯᠤᠰ ᠢ ᠵᠣᠷᠢᠨᠠᠮ᠃ ᠣᠳᠣᠬᠠᠨ ᠤ ᠳᠡᠯᠡᠬᠡᠢ ᠳ᠋ᠠᠬᠢᠨ ᠳᠤ ᠦᠢᠮᠡᠭᠡᠨ ᠰᠠᠮᠠᠭᠤᠨ ᠰᠣᠯᠪᠢᠴᠠᠵᠤ᠂ ᠵᠠᠭᠤᠨ ᠵᠢᠯ ᠳᠤ ᠳᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠪᠠᠰᠠ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠪᠠ᠃ ︽ᠴᠠᠭ ᠤᠨ ᠪᠠᠶᠢᠳᠠᠯ ᠪᠢᠳᠡᠨ ᠳᠤ ᠠᠰᠢᠭᠲᠠᠢ︾ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ︽ᠭᠥᠭᠯᠡᠷᠡᠭᠰᠡᠨ ᠡᠭᠦᠯᠡᠰ ᠬᠤᠶᠢᠯᠠᠷᠠᠨ ᠥᠩᠭᠡᠷᠡᠪᠡᠴᠦ ᠲᠠᠶᠢᠪᠤᠭᠤ ᠬᠡᠪ ᠢᠶᠠᠷ ᠢᠶᠠᠨ ᠰᠡᠭᠦ᠋ᠢᠬᠦ︾ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠨᠠᠷ ᠰᠠᠶᠢᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠨ ᠡᠷᠡᠰ ᠭᠤᠶᠢᠪᠢᠰᠢ ᠦᠭᠡᠢ ᠠᠬᠢᠭᠤᠯᠪᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠣᠷᠣᠨ ᠵᠠᠢ ᠶᠢ ᠳᠠᠰᠤᠷᠠᠯᠳᠠ ᠦᠭᠡᠢ ᠥᠷᠭᠡᠳᠬᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠨᠢ ᠯᠠᠪᠲᠠᠢ ᠪᠤᠢ ‍ᠶ᠎ᠠ᠃     ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号