ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠶ᠎ᠠ
ᠨᠡᠶᠢᠲᠡᠯᠡᠭᠰᠡᠨ ᠴᠠᠭ᠄
2024/12/6
    ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯ ᠠᠷᠠᠳ ᠣᠯᠠᠨ ᠤ ︽ᠡᠪᠡᠳᠴᠢᠨ ᠦᠵᠡᠭᠦᠯᠬᠦ ᠵᠣᠭᠤᠰ︾ ︽ᠠᠮᠢ ᠠᠪᠤᠷᠠᠬᠤ ᠵᠣᠭᠤᠰ︾ ᠮᠥᠨ᠂ ᠲᠡᠭᠦᠨ ᠤ ᠠᠮᠤᠷ ᠲᠦᠪᠰᠢᠨ ᠨᠢ ᠳᠠᠭᠠᠳᠬᠠᠯ ᠳᠤ ᠣᠷᠣᠯᠴᠠᠭᠰᠠᠳ ᠨᠢᠭᠡᠪᠦᠷᠢ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 12 ᠰᠠᠷ᠎ᠠ ᠶᠢᠨ 3 ᠤ ᠡᠳᠦᠷ ᠬᠠᠶᠢᠷᠤᠪ ᠤᠨ ᠲᠣᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠢ ᠰᠢᠨ ᠨᠡᠶᠢᠭᠡᠮ ᠲᠣᠭᠤᠷᠢᠭ ᠲᠠᠢ ᠬᠠᠮᠲᠤᠷᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ᠃
41437.png   
    ᠤᠬᠠᠭᠤᠯᠭ᠎ᠠ ᠶᠢᠨ ᠳᠤᠮᠳᠠ ᠤᠬᠠᠭᠤᠯᠭ᠎ᠠ ᠶᠢᠨ ᠪᠤᠯᠤᠩ ᠭᠠᠷᠭᠠᠵᠤ᠂ ᠤᠷᠢᠶ᠎ᠠ ᠯᠣᠽᠦ᠋ᠩ ᠨᠠᠭᠠᠵᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠦᠢᠯᠡᠴᠢᠯᠡᠭᠡ ᠥᠷᠨᠢᠭᠦᠯᠵᠦ᠂ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠬᠦ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠶᠠᠪᠤᠴᠠ ᠪᠠ ᠠᠩᠬᠠᠷᠬᠤ ᠵᠦᠢᠯᠡᠰ ᠢ ᠲᠠᠶᠢᠯᠪᠤᠷᠢᠯᠠᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠭᠦᠨᠵᠡᠭᠡᠶ ᠲᠠᠶᠢᠯᠪᠤᠷᠢᠯᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠴᠤᠭᠯᠠᠭᠤᠯᠬᠤ ᠲᠣᠭᠲᠠᠴᠠ᠂ ᠳᠥᠯᠥᠬᠦ ᠬᠡᠪᠴᠢᠶ᠎ᠡ᠂ ᠲᠠᠩᠰᠠ ᠲᠠᠶᠢᠯᠬᠤ ᠪᠠᠷᠢᠮᠵᠢᠶ᠎ᠠ ᠵᠡᠷᠭᠡ ᠶᠢ ᠨᠠᠷᠢᠨ ᠲᠠᠶᠢᠯᠪᠤᠷᠢᠯᠠᠵᠤ᠂ ᠳᠠᠭᠠᠳᠬᠠᠯ ᠳᠤ ᠣᠷᠣᠯᠴᠠᠭᠰᠠᠳ ᠲᠤ ᠲᠣᠰ ᠪᠡᠶ᠎ᠡ ᠶᠢᠨ ᠡᠷᠬᠡ ᠠᠰᠢᠭ ᠪᠠ ᠡᠭᠦᠷᠭᠡ ᠪᠠᠨ ᠲᠣᠳᠣᠷᠬᠠᠶ ᠣᠶᠢᠯᠠᠭᠠᠭᠤᠯᠪᠠ᠃ ᠡᠭᠦᠨ ᠤ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠭᠤᠤᠯᠳᠠᠯᠭ᠎ᠠ ᠲᠠᠢ ᠤᠬᠠᠭᠤᠯᠬᠤ ᠠᠭᠤᠯᠭ᠎ᠠ ᠪᠣᠯᠭᠠᠵᠤ᠂ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠶᠢᠨ ᠢᠯᠡᠷᠡᠭᠦᠯᠬᠦ ᠬᠡᠯᠪᠡᠷᠢ᠂ ᠬᠦᠨᠳᠦ ᠨᠣᠴᠢᠲᠠᠶ ᠦᠷ᠎ᠡ ᠳ᠋ᠦᠩ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠢᠯᠡᠷᠡᠭᠦᠯᠵᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠴᠢᠨᠠᠷ ᠬᠢᠭᠡᠳ ᠲᠤᠯᠭᠠᠮ᠎ᠠ ᠴᠢᠨᠠᠷ ᠢ ᠣᠯᠠᠨ ᠨᠡᠶᠢᠲᠡ ᠳᠤ ᠭᠦᠨᠵᠡᠭᠡᠶ ᠲᠠᠨᠢᠭᠤᠯᠪᠠ᠃ ᠡᠭᠦᠨ ᠤ ᠬᠠᠮᠲᠤ ᠦᠨᠳᠦᠰᠦᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠦᠨᠳᠦᠰᠦᠨ ᠬᠠᠤᠯᠢ ᠶᠢ ᠲᠦᠭ ᠲᠦᠮᠡᠨ ᠠᠶᠢᠯ ᠡᠷᠦᠬᠡ ᠳᠤ ᠣᠷᠣᠭᠤᠯᠵᠤ᠂ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠰᠦᠯᠵᠢᠶᠡᠨ ᠳᠡᠭᠡᠷ᠎ᠡ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ᠂ ᠸᠢᠴᠠᠲ ᠤᠨ ᠪᠦᠯᠦᠭᠯᠡᠯ ᠵᠡᠷᠭᠡ ᠶᠢ ᠭᠦᠢᠴᠡᠳ ᠠᠰᠢᠭᠯᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠵᠣᠬᠢᠶᠠᠯ᠂ ᠤᠬᠠᠭᠤᠯᠭ᠎ᠠ ᠶᠢᠨ ᠵᠠᠷᠯᠠᠯ ᠵᠡᠷᠭᠡ ᠮᠠᠲ᠋ᠧᠷᠢᠶᠠᠯ ᠢ ᠨᠡᠶᠢᠲᠡᠯᠡᠵᠦ᠂ ᠲᠥᠬᠦᠮ ᠣᠶᠢᠯᠠᠭᠠᠮᠵᠢᠲᠠᠶ᠂ ᠠᠮᠢᠳᠤᠯᠢᠭ ᠳᠦᠷᠢ ᠲᠥᠷᠬᠦ ᠶᠢᠨ ᠠᠷᠭ᠎ᠠ ᠮᠠᠶ᠋ᠢᠭ ᠢᠶᠠᠷ ᠡᠮ ᠡᠮᠨᠡᠯᠭᠡ ᠶᠢᠨ ᠳᠠᠭᠠᠳᠬᠠᠯ ᠤᠨ ᠮᠡᠳᠡᠯᠭᠡ ᠶᠢ ᠤᠯᠠᠮᠵᠢᠯᠠᠪᠠ᠃
41438.png   
    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠥᠷᠭᠡᠨ ᠢᠶᠠᠷ ᠬᠠᠮᠤᠷᠤᠭᠰᠠᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠨᠡᠶᠢᠲᠡ ᠶᠢᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠳ ᠤᠨ ᠬᠠᠤᠯᠢ ᠪᠠᠷ ᠵᠠᠰᠠᠬᠤ ᠤᠬᠠᠮᠰᠠᠷ ᠪᠠ ᠥᠪᠡᠷ ᠢ ᠪᠠᠨ ᠱᠠᠭᠠᠷᠳᠠᠬᠤ ᠤᠬᠠᠮᠰᠠᠷ ᠢ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠠᠩᠬᠠᠷᠬᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠮᠴᠢᠯᠡᠭᠡᠨ ᠤ ᠳᠠᠭᠠᠳᠬᠠᠯ ᠭᠡᠬᠦ ᠡᠨᠡ ᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠥᠷᠭᠡᠨ ᠣᠯᠠᠨ ᠠᠷᠠᠳ ᠲᠦᠮᠡᠨ ᠳᠤ ᠬᠦᠷᠲᠡᠭᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号