ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/2/10
ᠴᠡᠭᠡᠯ ᠠᠭᠤᠯᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠦᠨᠳᠦᠰᠦᠨ ᠬᠠᠤᠯᠢ ᠪᠠ ᠣᠷᠣᠨ ᠨᠤᠲᠤᠭ ᠤᠨ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠲᠣᠭᠤᠷᠢᠭ ᠤᠨ ᠳᠠᠷᠤᠭ᠎ᠠ ᠶᠢ ᠬᠠᠮᠵᠢᠨ ᠠᠵᠢᠯᠯᠠᠨ᠎ᠠ᠃ ᠰᠤᠳᠤᠯᠬᠤ ᠪᠠᠷ ᠳᠠᠮᠵᠢᠭᠠᠳ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠰᠤᠳᠤᠪᠢᠯᠢᠭ᠌ ᠲᠣᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠮᠥᠩᠭᠦᠨ ᠭᠦᠢᠯᠭᠡᠭᠡ᠂ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ ᠪᠠᠭᠲᠠᠨ᠎ᠠ︶᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠲᠣᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠦᠬᠠᠶ ᠶᠢᠨ ᠲᠡᠷᠭᠡᠨ ᠤ ᠶᠠᠪᠤᠳᠠᠯ ᠤᠨ ᠬᠡᠰᠡᠭ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠵᠦ ᠯᠢ ᠬᠤᠸᠠ ᠲᠣᠭᠤᠷᠢᠭ ᠤᠨ ᠳᠠᠷᠤᠭ᠎ᠠ ᠶᠢ ᠬᠠᠮᠵᠢᠨ ᠬᠤᠲᠠ ᠶᠢᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠭᠠᠵᠠᠷ ᠰᠢᠷᠣᠶ ᠭᠡᠷ ᠪᠠᠶᠢᠰᠢᠩ ᠲᠠᠲᠠᠪᠤᠷᠢᠯᠠᠬᠤ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠤᠶᠠᠳᠤᠭᠠᠷ ᠳᠡᠰ ᠤᠨ ᠨᠢᠭᠡᠴᠢ ᠪᠠᠭᠲᠠᠨ᠎ᠠ︶᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ᠂ ᠲᠣᠭᠤᠷᠢᠭ ᠤᠨ ᠭᠠᠵᠠᠷ ᠰᠢᠷᠣᠶ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃   ᠬᠠᠶᠢᠷᠤᠪ ᠤᠨ ᠲᠣᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠬᠤᠲᠠ ᠶᠢᠨ ᠲᠥᠯᠥᠪᠵᠢᠭᠦᠯᠭᠡ ᠪᠠ ᠤᠯᠤᠰ ᠤᠨ ᠭᠠᠵᠠᠷ ᠰᠢᠷᠣᠶ ᠶᠢᠨ ᠬᠡᠰᠡᠭ︶᠂ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃  ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠵᠢᠶᠠ ᠶᠠᠨ ᠷᠦ᠋ ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠶᠢᠨ ᠠᠵᠢᠯ ᠢ ᠬᠠᠷᠢᠭᠤᠴᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠠᠵᠤ ᠠᠬᠤᠶᠢᠯᠠᠯ ᠤᠨ ᠠᠵᠢᠯᠲᠠᠨ ᠢ ᠪᠣᠯᠪᠠᠰᠤᠷᠠᠭᠤᠯᠬᠤ᠂ ᠠᠵᠢᠯᠴᠢᠨ ᠬᠡᠷᠡᠭᠯᠡᠬᠦ ᠲᠠᠪᠴᠠᠩ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠶᠢᠨ ᠠᠵᠢᠯ ᠢ ᠲᠤᠰᠬᠠᠶ ᠬᠠᠷᠢᠭᠤᠴᠠᠨ᠎ᠠ᠃ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠡᠪᠯᠡᠯ ᠤᠨ ᠲᠣᠭᠤᠷᠢᠭ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   ᠲᠣᠭᠤᠷᠢᠭ ᠤᠨ ᠳᠡᠳ᠋ ᠳᠠᠷᠤᠭ᠎ᠠ ᠪᠠᠶ ᡁᠢ ᠯᠦᠩ ᠲᠣᠭᠤᠷᠢᠭ ᠤᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠬᠤᠳᠠᠯᠳᠤᠭᠠᠨ ᠤ ᠶᠠᠪᠤᠳᠠᠯ᠂ ᠭᠠᠳᠠᠭᠠᠳᠤ ᠠᠷᠠᠯᠵᠢᠶ᠎ᠠ᠂ ᠠᠷᠠᠳ ᠤᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠪᠠᠭᠲᠠᠨ᠎ᠠ︶᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠪᠠᠭᠲᠠᠨ᠎ᠠ︶᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠭᠲᠠᠨ᠎ᠠ︶᠎ ᠶᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   ᠲᠣᠭᠤᠷᠢᠭ ᠤᠨ ᠳᠡᠳ᠋ ᠳᠠᠷᠤᠭ᠎ᠠ ᠯᠢ ᠵᠢᠶᠠᠨ ᠮᠢᠩ ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠠᠶᠢᠷᠤᠪ ᠤᠨ ᠲᠣᠬᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠠᠵᠢᠯ ᠢ ᠡᠷᠬᠢᠯᠡᠨ᠎ᠡ᠃ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︵ᠬᠠᠤᠯᠢ ᠲᠦᠷᠢᠮ ᠤᠨ ᠠᠵᠢᠯ ᠤᠨ ᠠᠯᠪᠠᠨ ᠬᠡᠷ ᠪᠠᠭᠲᠠᠨ᠎ᠠ︶᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠠᠷᠢᠭᠤᠴᠠᠨ᠎ᠠ᠃    ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠬᠠᠶᠢᠷᠤᠪ ᠤᠨ ᠲᠤᠬᠤᠢ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ ᠵᠠᠩ ᠯᠦ ᠫᠢᠩ ᠲᠣᠭᠤᠷᠢᠭ ᠤᠨ ᠳᠠᠷᠤᠭ᠎ᠠ ᠶᠢ ᠬᠠᠮᠵᠢᠨ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠶᠢᠨ ᠠᠵᠤ ᠠᠬᠤᠶ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠶᠢᠷᠤᠪ ᠤᠨ ᠲᠣᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃  ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ ᠸᠠᠩ ᠱᠦ ᠶᠠᠨ ᠲᠣᠭᠤᠷᠢᠭ ᠤᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠲᠠᠷᠢᠶᠠᠯᠠᠩ ᠮᠠᠯ ᠠᠵᠤ ᠠᠬᠤᠶ᠂ ᠤᠰᠤᠨ ᠤ ᠶᠠᠪᠤᠳᠠᠯ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠪᠠᠭᠲᠠᠨ᠎ᠠ︶᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠣᠭᠤᠷᠢᠭ ᠤᠨ ᠣᠶᠤᠨ ᠤ ᠪᠣᠯᠪᠠᠰᠤᠨ ᠤ ᠠᠯᠪᠠᠨ ᠬᠡᠷ᠂ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠲᠣᠭᠤᠷᠢᠭ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠵᠤ ᠪᠠᠯᠠ ᠴᠤᠭᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ ᠡᠤ ᠬᠠᠶ ᠲᠣᠭᠤᠷᠢᠭ ᠤᠨ ᠳᠠᠷᠤᠭ᠎ᠠ ᠶᠢ ᠬᠠᠮᠵᠢᠨ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ ︵ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠠ ᠣᠶ ᠰᠢᠭᠤᠶ᠂ ᠨᠤᠲᠤᠭ ᠪᠡᠯᠴᠢᠭᠡᠷ ᠤᠨ ᠬᠡᠰᠡᠭ︶᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︵︽ᠳᠣᠯᠤᠭ᠎ᠠ ᠶᠢ ᠵᠠᠰᠠᠬᠤ︾ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠲᠤᠭᠤᠷᠢᠭ ᠤᠨ ᠡᠨᠧᠷᠭᠢ ᠶᠢᠨ ᠲᠣᠪᠴᠢᠶ᠎ᠠ ︵ᠡᠨᠧᠷᠭᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠃    ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠬᠠᠶᠢᠷᠤᠪ ᠤᠨ ᠲᠤᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ᠂ ᠬᠠᠶᠢᠷᠤᠪ ᠤᠨ ᠲᠤᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ ︵ᠬᠤᠳᠠ ᠶᠢᠨ ᠤᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶ᠎ᠠ ᠪᠠᠭᠲᠠᠨ᠎ᠠ︶᠂ ᠦᠬᠠᠢ ᠶᠢᠨ ᠴᠠᠬᠢᠯᠭᠠᠨ ᠦᠢᠯᠡᠰ ᠤᠨ ᠲᠤᠪᠴᠢᠶ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ ᠵᠡᠷᠭᠡ ᠪᠠᠭᠳᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠭᠤᠷᠢᠭ ᠤᠨ ᠳᠡᠳ᠋ ᠳᠠᠷᠤᠭ᠎ᠠ ᠹᠠᠨ ᠶᠦᠩ ᠱᠧᠩ ᠲᠣᠭᠤᠷᠢᠭ ᠤᠨ ᠳᠠᠷᠤᠭ᠎ᠠ ᠶᠢ ᠬᠠᠪᠰᠤᠷᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠶᠢᠨ ᠠᠵᠢᠯ ᠢ ᠬᠠᠷᠢᠭᠤᠴᠠᠵᠤ᠂ ᠭᠤᠷᠪᠠᠳᠤᠭᠠᠷ ᠬᠥᠬᠡ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠪᠠ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠵᠢᠯ ᠢ ᠲᠤᠰᠬᠠᠶ ᠬᠠᠷᠢᠭᠤᠴᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠢ ᠪᠠᠭᠲᠠᠭᠠᠨ᠎ᠠ︶᠎ ᠢ ᠬᠤᠪᠢᠳᠠᠨ ᠬᠠᠮᠢᠶᠠᠷᠤᠨ᠎ᠠ᠃    ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃    ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号