ᠡᠨᠡ ᠨᠢᠭᠡ ᠵᠢᠯ ᠳᠤ᠂ ᠬᠠᠶᠢᠷᠤᠪ ᠤᠨ ᠲᠤᠬᠤᠢ ᠶᠢᠨ ᠳᠠᠭᠠᠭᠠᠴᠠ ᠪᠣᠯᠤᠨ ᠨᠥᠯᠥᠭᠡᠯᠡᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ
ᠨᠡᠶᠢᠲᠡᠯᠡᠭᠰᠡᠨ ᠴᠠᠭ᠄
2024/2/14
    ᠬᠤᠲᠠ ᠶᠢᠨ ᠪᠣᠳᠠᠲᠤ ᠬᠦᠴᠦᠨ ᠤ ᠥᠷᠢᠰᠥᠯᠳᠦᠭᠡᠨ ᠤ ᠰᠠᠭᠤᠷᠢ ᠪᠣᠯ ᠬᠤᠲᠠ ᠶᠢᠨ ᠳᠠᠭᠠᠭᠠᠴᠠ ᠪᠣᠯᠤᠨ᠎ᠠ᠂ ᠨᠢᠭᠡ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ︽ᠬᠤᠲᠠ ᠶᠢᠨ ᠰᠢᠨᠡᠴᠢᠯᠡᠯᠲᠡ︾᠎ ᠶᠢᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠨᠢᠭᠡᠳᠦᠯᠲᠡᠶ ᠲᠥᠯᠥᠪᠵᠢᠭᠦᠯᠬᠦ᠂ ᠵᠦᠶ ᠵᠣᠬᠢᠰᠲᠠᠶ ᠪᠠᠶᠢᠷᠢᠰᠢᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠡᠷᠡᠭᠰᠡᠬᠦ ᠬᠦᠰᠡᠯ ᠡᠷᠡᠮᠡᠯᠵᠡᠯ ᠤᠨ ᠲᠣᠭᠤᠷᠢᠨ ᠳᠤ᠂ ᠬᠤᠲᠠ ᠶᠢᠨ ᠠᠷᠠᠳ ᠤᠨ ᠵᠣᠯ ᠵᠢᠷᠭᠠᠯ ᠤᠨ ︽ᠲᠡᠰ ᠳᠡᠪᠰᠢᠭᠦᠯᠬᠦ︾᠎ ᠶᠢ ᠪᠥᠬᠦ ᠲᠠᠯ᠎ᠠ ᠪᠠᠷ ᠪᠡᠶᠡᠯᠡᠭᠦᠯᠪᠡ᠃
640 (2).jpg   
    ᠬᠤᠲᠠ ᠶᠢᠨ ᠴᠢᠨᠠᠷ ᠴᠢᠨᠰᠠᠭ᠎ᠠ ᠶᠢᠨ ᠳᠦᠷᠢ ᠲᠥᠷᠬᠦ ᠶᠢᠨ ᠨᠢᠭᠡ ᠲᠠᠯ᠎ᠠ ᠨᠢ ᠬᠤᠲᠠ ᠶᠢᠨ ᠲᠠᠲᠠᠬᠤ ᠬᠦᠴᠦᠨ᠂ ᠥᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ ᠲᠠᠢ ᠬᠤᠯᠪᠣᠭᠳᠠᠵᠤ᠂ ᠨᠢᠭᠡ ᠲᠠᠯ᠎ᠠ ᠨᠢ ᠬᠤᠲᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠲᠠᠢ ᠬᠤᠯᠪᠣᠭᠳᠠᠵᠤ ᠪᠠᠶᠢᠳᠠᠭ᠃ ᠥᠩᠭᠡᠷᠡᠭᠰᠡᠨ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠺᠠᠪᠦ᠋ᠴᠢ ᠶᠢᠨ ᠬᠡᠰᠡᠭ ᠲᠣᠭᠤᠷᠢᠭ ᠤᠨ ᠨᠤᠷᠠᠭᠠᠨ ᠨᠡᠭᠦᠯᠭᠡᠬᠦ ᠦᠯᠡᠳᠡᠭᠳᠡᠯ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ 2200 ᠭᠠᠷᠤᠢ ᠡᠷᠦᠬᠡ ᠶᠢᠨ ᠴᠢᠶᠠᠨ ᠭᠠᠩ ᠨᠡᠶᠢᠭᠡᠮ ᠲᠣᠭᠤᠷᠢᠭ ᠤᠨ ᠬᠦᠴᠢᠷᠳᠡᠯ ᠢ ᠰᠢᠢᠳᠪᠦᠷᠢᠯᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ 8 ︽ᠠᠰᠠᠭᠤᠳᠠᠯ ᠲᠠᠢ ᠠᠰᠠᠷ︾᠎ ᠢ ᠲᠤᠰᠢᠶᠠᠨ ᠥᠭᠴᠦ ᠰᠢᠢᠳᠪᠦᠷᠢᠯᠡᠭᠦᠯᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠨᠤᠷᠮ᠎ᠠ ᠶᠢ 98%᠎ ᠳᠤ ᠬᠦᠷᠭᠡᠵᠦ᠂ 7800 ᠭᠠᠷᠤᠢ ᠦᠯᠦ ᠬᠥᠳᠡᠯᠬᠦ ᠬᠦᠷᠦᠩᠭᠡ ᠶᠢ ᠵᠣᠬᠢᠴᠠᠭᠤᠯᠤᠨ ᠭᠦᠢᠴᠡᠳᠬᠡᠵᠦ᠂ ᠰᠠᠭᠤᠭᠠᠯᠢ ᠠᠷᠠᠳ ᠢ ᠤᠯᠠᠨ ᠵᠢᠯ ᠭᠠᠴᠢᠭᠳᠠᠭᠤᠯᠤᠭᠰᠠᠨ ᠲᠡᠦᠬᠡ ᠶᠢᠨ ᠦᠯᠡᠳᠡᠭᠳᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠡᠭᠦᠨ ᠤ ᠬᠠᠮᠲᠤ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ 5873 ᠡᠷᠦᠬᠡ ᠶᠢ ᠪᠡᠶᠡᠯᠡᠭᠦᠯᠵᠦ᠂ 48 ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠵᠦ᠂ 3 ᠪᠠᠶᠢᠰᠢᠩ ᠬᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠡᠬᠢᠯᠡᠭᠦᠯᠵᠦ᠂ ᠡᠮᠦᠨ᠎ᠡ ᠬᠡᠰᠡᠭ ᠤᠨ ᠬᠤᠲᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠮᠤᠵᠢ ᠶᠢᠨ ᠵᠠᠮ 217 ᠱᠤᠭᠤᠮ ᠳᠠᠭᠠᠤ ᠶᠢᠨ ᠨᠢᠴᠦᠭᠦᠨ ᠭᠠᠵᠠᠷ ᠰᠢᠷᠣᠶ ᠶᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠴᠡᠴᠡᠭᠲᠦ ᠰᠢᠪᠠᠭᠤᠨ ᠤ ᠵᠠᠬ᠎ᠠ ᠳᠡᠯᠭᠡᠭᠦᠷ᠂ ᠭᠠᠯᠲᠤ ᠲᠡᠷᠭᠡᠨ ᠤ ᠥᠷᠲᠡᠭᠡᠨ ᠤ ᠡᠮᠦᠨᠡᠬᠢ ᠠᠭᠤᠳᠠᠮ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠵᠤ᠂ 12 ︽ᠬᠠᠷᠮᠠᠨ︾ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠴᠡᠴᠡᠷᠯᠢᠭ᠂ ᠨᠣᠭᠤᠭᠠᠨ ᠭᠠᠵᠠᠷ ᠤᠨ ᠲᠠᠯᠠᠪᠠᠶ ᠶᠢ 6.3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠡᠷ ᠤᠨ ᠡᠭᠦᠳᠡᠨ ᠳᠤᠨᠢ ᠳᠡᠭᠡᠭᠰᠢᠯᠡᠭᠦᠯᠵᠦ᠂ ᠬᠤᠲᠠ ᠶᠢᠨ ᠥᠩᠭᠡ ᠵᠢᠰᠦ ᠶᠢ ᠳᠡᠭᠡᠭᠰᠢᠯᠡᠭᠦᠯᠬᠦ ᠮᠥᠷᠲᠡᠭᠡᠨ ︽ᠬᠡᠪ ᠨᠠᠮᠪᠠ︾᠎ ᠶᠢ ᠨᠠᠩ ᠨᠡᠮᠡᠭᠳᠡᠭᠦᠯᠦᠨ᠎ᠡ᠃
640 (3).jpg   
    ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠠᠷᠢᠯᠢᠭ ᠣᠨᠣᠴᠠᠲᠠᠶ ᠪᠠᠷ ᠲᠡᠭᠦᠯᠳᠡᠷᠵᠢᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠴᠤ ᠪᠤᠭᠤᠲᠤ ᠠᠴᠠ ᠢᠷᠭᠠᠢ ᠬᠦᠷᠬᠦ ᠲᠦᠷᠭᠡᠨ ᠲᠡᠮᠦᠷ ᠵᠠᠮ ᠤᠨ ᠲᠥᠷᠥᠯ ᠵᠦᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠠᠷᠠᠳ ᠤᠨ ᠵᠠᠮ᠂ ᠰᠢᠨᠬᠤᠸᠠ ᠵᠡᠭᠡᠯᠢ᠂ S217 ᠲᠤᠰᠠᠯᠠᠬᠤ ᠵᠠᠮ ᠵᠡᠷᠭᠡ ᠵᠡᠭᠡᠯᠢ ᠭᠤᠳᠤᠮᠵᠢ ᠶᠢ 31.5 ᠺᠢᠯᠤᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠵᠠᠰᠠᠵᠤ᠂ ᠲᠠᠰᠤᠷᠬᠠᠢ ᠵᠠᠮ 10 ᠵᠤᠷᠪᠤᠰ ᠢ ᠨᠡᠪᠲᠡᠷᠡᠭᠦᠯᠵᠦ᠂ ᠭᠠᠳᠠᠭᠰᠢ ᠭᠠᠷᠬᠤ ᠣᠷᠴᠢᠨ ᠨᠥᠬᠦᠴᠡᠯ ᠢ ᠨᠠᠩ ᠳᠥᠭᠦᠮ ᠳᠥᠲᠡ ᠪᠣᠯᠭᠠᠭᠰᠠᠨ ᠪᠥᠭᠡᠳ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠢ 152 ᠺᠢᠯᠤᠮᠧᠲᠷ ᠥᠭᠡᠷᠡᠴᠢᠯᠡᠨ ᠵᠠᠰᠠᠵᠤ᠂ ᠨᠡᠶᠢᠲᠡ ᠶᠢᠨ ᠬᠡᠷᠡᠭᠯᠡᠭᠡᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠢ 16 ᠺᠢᠯᠤᠮᠧᠲᠷ᠂ ᠤᠰᠤ ᠠᠷᠪᠢᠯᠠᠬᠤ ᠬᠤᠭᠤᠯᠠᠶ ᠶᠢᠨ ᠲᠣᠤᠷ ᠢ 24. 3 ᠺᠢᠯᠤᠮᠧᠲᠷ ᠰᠢᠨ᠎ᠡ ᠪᠠᠷ ᠪᠠᠶᠢᠭᠤᠯᠵᠤ᠂ ᠬᠤᠲᠠ ᠶᠢᠨ ᠭᠠᠵᠠᠷ ᠳᠣᠤᠷᠠᠬᠢ ︽ᠰᠤᠳᠠᠰᠤ︾᠎ ᠶᠢ ᠨᠠᠩ ᠰᠠᠭᠠᠳ ᠥᠬᠡᠶ ᠨᠡᠪᠲᠡᠷᠡᠭᠦᠯᠪᠡ᠃ ᠬᠤᠭ ᠨᠣᠪᠰᠢ ᠪᠤᠯᠠᠬᠤ ᠲᠠᠯᠠᠪᠠᠢ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ ᠲᠥᠪ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠲᠠᠯᠠᠪᠠᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ ᠶᠢᠨ ᠨᠢᠭᠡᠳᠦᠭᠡᠷ ᠬᠤᠭᠤᠴᠠᠭᠠᠨ ᠤ ᠪᠢᠲᠡᠭᠦᠮᠵᠢᠯᠡᠬᠦ᠂ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠬᠤᠭ ᠨᠣᠪᠰᠢ ᠶᠢ ᠵᠠᠰᠠᠬᠤ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠬᠠᠤᠯᠢ ᠲᠣᠭᠲᠠᠭᠠᠯ ᠶᠣᠰᠣᠭᠠᠷ ᠳᠦᠷᠢᠮ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ 3150 ᠲᠡᠭᠰᠢ ᠳᠥᠷᠪᠡᠯᠵᠢᠨ ᠮᠧᠲᠷ ᠨᠤᠷᠠᠭᠠᠵᠤ᠂ 1807 ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠷᠬᠠᠭ ᠭᠡᠮ ᠢ ᠪᠦᠲᠦᠮᠵᠢᠲᠡᠶ ᠵᠠᠰᠠᠭᠤᠯᠪᠠ᠃
640 (4).jpg   
    ᠬᠤᠲᠠ ᠶᠢᠨ ᠰᠢᠨᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠠᠪᠤᠳᠠᠯ ᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号